2023 ᠣᠨ ᠤ 2 ᠳ᠋ᠤᠭᠠᠷ ᠬᠤᠭᠤᠴᠠᠭ᠎ᠠ ︵  ᠶᠠᠷᠦᠩᠬᠡᠢ 18  ᠳ᠋ᠤᠭᠠᠷ ᠬᠤᠭᠤᠴᠠᠭ᠎ᠠ ︶
ᠨᠡᠶᠢᠲᠡᠯᠡᠭᠰᠡᠨ ᠴᠠᠭ᠄
2023/2/8
2023年第2期.jpg
ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠠᠵᠤ ᠠᠬᠤᠶᠢᠯᠠᠯ ᠢ ᠤᠷᠢᠵᠤ ᠠᠵᠢᠯᠲᠠᠨ ᠡᠯᠰᠡᠬᠦ ᠬᠤᠷᠠᠯ ᠳᠤ ᠣᠷᠣᠯᠴᠠᠭᠤᠯᠬᠤ ᠲᠤᠬᠠᠶ ᠮᠡᠳᠡᠭᠳᠡᠯ ᠡᠯ᠎ᠡ ᠠᠵᠤ ᠠᠬᠤᠶᠢᠯᠠᠯ᠄       ᠮᠠᠨ ᠤ ᠲᠥᠪ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠶᠢᠨ ᠬᠠᠮᠲᠤ᠂ ᠮᠠᠨ ᠤ ᠲᠤᠭᠤᠷᠢᠭ ᠤᠨ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠳᠤ ᠬᠦᠴᠦᠨ ᠨᠡᠮᠡᠷᠢᠯᠡᠬᠦ ᠶᠢᠨ ᠬᠠᠮᠲᠤ᠂ ᠬᠠᠶᠢᠷᠤᠪ ᠤᠨ ᠲᠣᠬᠤᠶ ᠲᠣᠭᠤᠷᠢᠭ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠥᠪ 2 ᠰᠠᠷ᠎ᠠ ᠶᠢᠨ 11᠎ ᠤ ᠡᠳᠦᠷ ︵ᠭᠠᠷᠠᠭ ᠤᠨ ᠵᠢᠷᠭᠤᠭ᠎ᠠ︶ ᠠᠵᠢᠯᠲᠠᠨ ᠡᠯᠰᠡᠬᠦ ᠬᠤᠷᠠᠯ ᠡᠷᠭᠢᠯᠡᠪᠡ᠃       ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠴᠠᠭ 2023 ᠤᠨ ᠤ 1 ᠰᠠᠷ᠎ᠠ ᠶᠢᠨ 18᠎ ᠤ ᠡᠳᠤᠷ — 2023 ᠤᠨ ᠤ 1 ᠰᠠᠷ᠎ᠠ ᠶᠢᠨ 31᠎ ᠤ ᠡᠳᠤᠷ       ᠬᠤᠶᠠᠷ᠂ ᠨᠡᠷ᠎ᠡ ᠮᠡᠳᠡᠭᠦᠯᠬᠦ ᠠᠷᠭ᠎ᠠ ᠮᠠᠶ᠋ᠢᠭ       1. ︽ᠬᠠᠶᠢᠷᠤᠪ ᠤᠨ ᠲᠤᠬᠤᠢ ᠲᠤᠭᠤᠷᠢᠭ ᠤᠨ ᠠᠵᠢᠯᠲᠠᠨ ᠡᠯᠰᠡᠬᠦ ᠤᠶᠢᠯᠡᠴᠢᠯᠡᠭᠡᠨ ᠤ ᠴᠤᠭᠯᠠᠭᠠᠨ︾᠎ ᠳᠤ ᠨᠡᠷ᠎ᠡ ᠮᠡᠳᠡᠭᠦᠯᠵᠦ ᠪᠣᠯᠤᠨ᠎ᠠ᠃       2᠂ 3890100᠎ ᠶᠢᠨ ᠤᠲᠠᠰᠤ ᠪᠠᠷ ᠨᠡᠷ᠎ᠡ ᠮᠡᠳᠡᠭᠦᠯᠵᠦ ᠳᠠᠩᠰᠠᠯᠠᠭᠤᠯᠵᠤ ᠪᠣᠯᠤᠨ᠎ᠠ᠃       3᠂ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠦᠨ᠎ᠡ᠃       ︵ᠨᠡᠷ᠎ᠡ ᠮᠡᠳᠡᠭᠦᠯᠦᠭᠰᠡᠨ ᠬᠠᠶ᠋ᠢᠭ᠄ ᠬᠠᠶᠢᠷᠤᠪ ᠤᠨ ᠲᠣᠬᠤᠢ ᠲᠣᠭᠤᠷᠢᠭ ᠤᠨ ᠬᠤᠶᠠᠷ ᠢ ᠬᠦᠷᠢᠶᠡᠯᠡᠬᠦ ᠵᠡᠭᠡᠯᠢ ᠶᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ 2 ᠳ᠋ᠤᠭᠠᠷ ᠳᠠᠪᠬᠤᠷᠯᠢᠭ ᠤᠨ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠥᠪ ᠤᠨ 22 ᠳ᠋ᠤᠭᠠᠷ ᠲᠣᠭᠠᠲᠤ ᠴᠣᠩᠬᠤ︶       ᠭᠤᠷᠪᠠ᠂ ᠡᠷᠬᠢᠯᠡᠭᠰᠡᠨ ᠴᠠᠭ᠂ ᠭᠠᠵᠠᠷ ᠴᠠᠭ᠄ 2023 ᠣᠨ ᠤ 2 ᠰᠠᠷ᠎ᠠ ᠶᠢᠨ 11᠎ ᠤ ᠦᠳᠡ ᠶᠢᠨ ᠡᠮᠦᠨ᠎ᠡ᠃ ᠭᠠᠵᠠᠷ ᠣᠷᠣᠨ᠄ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠣᠯᠠᠨ ᠨᠡᠶᠢᠲᠡ ᠶᠢᠨ ᠳ᠋ᠤᠭᠠᠷ ᠲᠤ ᠠᠩᠬᠠᠷᠤᠯ ᠢᠶᠠᠨ ᠲᠠᠯᠪᠢ᠃ ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ       1᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠨᠢᠭᠡᠴᠡ ᠨᠡᠷ᠎ᠡ ᠮᠡᠳᠡᠭᠦᠯᠦᠭᠰᠡᠨ ᠬᠤᠭᠤᠴᠠᠭᠠᠨ ᠳᠣᠲᠣᠷ᠎ᠠ ᠨᠡᠷ᠎ᠡ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃       2᠂ ᠠᠵᠤ ᠠᠬᠤᠶᠢᠯᠠᠯ ᠳᠤ ᠣᠷᠣᠯᠴᠠᠬᠤ ᠳᠤ ᠥᠪᠡᠷ ᠢᠶᠠᠨ ᠠᠪᠴᠤ ᠳᠡᠯᠭᠡᠨ ᠦᠵᠡᠭᠦᠯᠬᠦ ᠵᠠᠷ ᠮᠡᠳᠡᠭᠡ ᠵᠢᠴᠢ ᠬᠤᠯᠪᠣᠭᠳᠠᠬᠤ ᠠᠵᠢᠯᠲᠠᠨ ᠤᠷᠢᠬᠤ ᠳᠤ ᠬᠡᠷᠡᠭᠰᠡᠬᠦ ᠮᠠᠲ᠋ᠧᠷᠢᠶᠠᠯ ᠪᠠᠶᠢᠬᠤ ᠬᠡᠷᠡᠭᠲᠡᠶ᠃       3. ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠪᠣᠯᠤᠨ᠎ᠠ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠠᠪᠴᠤ ᠶᠠᠪᠤᠭᠰᠠᠨ ᠤ ᠬᠠᠮᠲᠤ ᠶᠠᠪᠤᠭᠳᠠᠭᠤᠯᠵᠤ ᠪᠣᠯᠤᠨ᠎ᠠ᠂ ᠠᠵᠤ ᠠᠬᠤᠶᠢᠯᠠᠯ ᠨᠢ ᠥᠪᠡᠰᠦᠪᠡᠨ ᠠᠵᠢᠯᠲᠠᠨ ᠡᠯᠰᠡᠬᠦ ᠠᠷᠭ᠎ᠠ ᠮᠠᠶ᠋ᠢᠭ ᠢ ᠰᠣᠩᠭᠤᠭᠰᠠᠨ ᠪᠥᠭᠡᠳ ᠨᠡᠷ᠎ᠡ ᠮᠡᠳᠡᠭᠦᠯᠬᠦ ᠦᠶ᠎ᠡ ᠳᠤ ᠮᠡᠳᠡᠭᠡ ᠵᠠᠩᠭᠢ ᠪᠠᠨ ᠪᠦᠷᠢᠨ ᠪᠦᠲᠦᠨ ᠲᠡᠮᠳᠡᠭᠯᠡᠵᠦ᠂ ᠰᠢᠭᠤᠳ ᠨᠡᠪᠲᠡᠷᠡᠭᠦᠯᠭᠡ ᠳᠤ ᠣᠷᠣᠯᠴᠠᠵᠤ ᠪᠠᠶᠢᠭ᠎ᠠ ᠠᠵᠤ ᠠᠬᠤᠶᠢᠯᠠᠯ ᠨᠢ ᠰᠢᠭᠤᠳ ᠨᠡᠪᠲᠡᠷᠡᠭᠦᠯᠭᠡ ᠶᠢᠨ ᠮᠠᠲ᠋ᠧᠷᠢᠶᠠᠯ ᠢ ᠥᠪᠡᠰᠦᠪᠡᠨ ᠪᠡᠯᠡᠳᠬᠡᠵᠦ ᠪᠣᠯᠤᠨ᠎ᠠ᠃       4᠂ ᠨᠢᠭᠡᠨᠲᠡ ᠨᠡᠷ᠎ᠡ ᠮᠡᠳᠡᠭᠦᠯᠦᠭᠰᠡᠨ ᠠᠵᠤ ᠠᠬᠤᠶᠢᠯᠠᠯ ᠴᠠᠭ ᠲᠤᠬᠠᠶ ᠳᠤᠨᠢ ᠣᠷᠣᠯᠴᠠᠵᠤ ᠳᠡᠶᠢᠯᠬᠦ ᠦᠭᠡᠶ ᠪᠣᠯ 3 ᠡᠳᠦᠷ ᠤᠷᠢᠳᠴᠢᠯᠠᠨ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠮᠡᠳᠡᠭᠳᠡᠭᠡᠷᠡᠶ᠃       ᠠᠰᠠᠭᠤᠨ ᠯᠠᠪᠯᠠᠬᠤ ᠤᠲᠠᠰᠤ᠄ 3890100 ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ                          2023 ᠤᠨ ᠤ 1 ᠰᠠᠷ᠎ᠠ ᠶᠢᠨ 18᠎ ᠤ ᠡᠳᠤᠷ
政府公报内页(5).jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号