ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ︽ᠪᠢᠳᠡᠨ ᠤ ᠪᠠᠶᠠᠷ ᠤᠨ ᠡᠳᠦᠷ · ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ︾ ᠭᠡᠬᠦ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/9
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠲᠤᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠵᠤ ︽ᠪᠢᠳᠡᠨ ᠤ ᠪᠠᠶᠠᠷ ᠤᠨ ᠡᠳᠦᠷ · ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ︾ ᠭᠡᠬᠦ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ︽ᠨᠢᠯᠬ᠎ᠠ ᠬᠡᠦᠭᠡᠳ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ︾᠎ ᠢᠶᠠᠷ ᠭᠤᠤᠯ ᠰᠡᠳᠦᠪ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠶᠢᠨ ᠵᠠᠭᠪᠤᠷ ᠢᠶᠠᠷ ᠳᠠᠮᠵᠢᠭᠤᠯᠤᠨ᠂ ᠰᠤᠷᠤᠭᠴᠢᠳ ᠲᠤ ᠪᠠᠶᠠᠷ ᠤᠨ ᠡᠳᠦᠷ ᠤᠨ ᠮᠡᠳᠡᠯᠭᠡ ᠶᠢ ᠭᠦᠨᠵᠡᠭᠡᠶ ᠣᠶᠢᠯᠠᠭᠠᠭᠤᠯᠵᠤ᠂ ᠦᠢᠯᠡᠳᠦᠯᠭᠡ ᠶᠢᠨ ᠳᠤᠮᠳᠠ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠣᠶᠢᠯᠠᠭᠠᠭᠤᠯᠪᠠ᠃       ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠬᠥᠭᠵᠢᠶᠡᠨ ᠲᠠᠢ ᠬᠢᠯ᠎ᠡ᠃ ᠰᠤᠷᠤᠭᠴᠢᠳ ᠮᠠᠲ᠋ᠧᠷᠢᠶᠠᠯ ᠴᠤᠭᠯᠠᠭᠤᠯᠬᠤ ᠪᠠᠷ ᠳᠠᠮᠵᠢᠨ ᠮᠠᠨ ᠤ ᠤᠯᠤᠰ ᠤᠨ ᠥᠯᠵᠡᠶᠢᠲᠦ ᠡᠳᠦᠷ ᠤᠨ ᠪᠠᠶᠠᠷ ᠤᠨ ᠤᠯᠠᠮᠵᠢᠯᠠᠯᠲᠤ ᠰᠣᠶᠣᠯ ᠤᠨ ᠮᠡᠳᠡᠯᠭᠡ ᠶᠢ ᠣᠶᠢᠯᠠᠭᠠᠪᠠ᠃ ᠶᠢᠰᠦᠳᠦᠭᠡᠷ ᠳᠤᠮᠳᠠᠳᠤ ᠰᠤᠷᠭᠠᠭᠤᠯᠢ᠂ ᠠᠷᠪᠠᠨ ᠭᠤᠷᠪᠠᠳᠤᠭᠠᠷ ᠬᠡᠦᠬᠡᠳ ᠤᠨ ᠴᠡᠴᠡᠷᠯᠢᠭ ᠰᠣᠨᠢᠷᠬᠠᠯᠲᠠᠶ ᠰᠦᠯᠵᠢᠶᠡᠨ ᠳᠡᠭᠡᠷ᠎ᠡ ᠳ᠋ᠧᠩᠯᠦ ᠶᠢᠨ ᠣᠨᠢᠰᠤᠭ᠎ᠠ ᠳᠠᠭᠠᠬᠤ ᠠᠵᠢᠯᠯᠠᠭ᠎ᠠ ᠬᠢᠵᠦ᠂ ᠣᠯᠠᠨ ᠤ ᠪᠠᠭ᠋ᠠᠷᠬᠠᠯ ᠢ ᠭᠦᠨ ᠲᠠᠲᠠᠪᠠ︔ ᠬᠠᠶᠢᠷᠤᠪ ᠤᠨ ᠲᠣᠬᠤᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠰᠦᠯᠵᠢᠶᠡᠨ ᠳᠡᠭᠡᠷ᠎ᠡ ᠵᠢᠵᠢᠭ ᠸᠢᠳᠢᠣ᠋ ᠪᠠᠷ ᠳᠠᠮᠵᠢᠭᠤᠯᠤᠨ ᠣᠯᠠᠨ ᠳᠤ ᠵᠥᠩᠨᠡᠯ ᠳᠡᠪᠰᠢᠭᠦᠯᠵᠦ᠂ ᠰᠦᠯᠵᠢᠶᠡᠨ ᠳᠡᠭᠡᠷᠡᠬᠢ ᠠᠩᠭᠢ ᠶᠢ ᠠᠰᠢᠭᠯᠠᠨ ᠰᠣᠨᠢᠷᠬᠠᠯᠲᠠᠶ ᠬᠤᠪᠢᠶᠠᠯᠴᠠᠬᠤ ᠪᠣᠯᠤᠨ᠎ᠠ᠃      ᠰᠦᠯᠵᠢᠶᠡᠨ ᠭᠠᠳᠠᠨᠠᠬᠢ ᠥᠯᠵᠡᠢᠲᠦ ᠡᠳᠦᠷ ᠤᠨ ᠪᠠᠶᠠᠷ ᠢ ᠰᠣᠨᠢᠷᠬᠠᠯ ᠲᠠᠢ ᠦᠩᠭᠡᠷᠡᠭᠦᠯᠪᠡ᠃ ᠡᠯ᠎ᠡ ᠰᠤᠷᠭᠠᠭᠤᠯᠢ ᠰᠤᠷᠤᠭᠴᠢᠳ ᠢ ᠵᠣᠬᠢᠶᠠᠨ ᠪᠠᠶᠢᠭᠤᠯᠵᠤ ᠪᠠᠶᠠᠯᠢᠭ ᠰᠠᠶᠢᠬᠠᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠬᠢᠵᠦ᠂ ᠰᠤᠷᠤᠭᠴᠢᠳ ᠥᠪᠡᠷ ᠤᠨ ᠭᠡᠷ ᠤᠨ ᠬᠥᠮᠦᠰ ᠲᠠᠢ ᠪᠠᠨ ᠬᠠᠮᠲᠤ ᠴᠤᠭᠯᠠᠭ᠎ᠠ ᠮᠠᠶᠢᠮᠠᠶ ᠳᠤ ᠬᠦᠷᠴᠦ ᠤᠯᠠᠮᠵᠢᠯᠠᠯᠲᠤ ᠪᠠᠶᠠᠷ ᠤᠨ ᠡᠳᠦᠷ ᠤᠨ ᠲᠣᠭᠯᠠᠯᠲᠠ᠂ ᠵᠢᠯᠣᠭᠤᠴᠢ ᠥᠬᠡᠶ ᠨᠢᠰᠬᠡᠯ ᠤᠨ ᠦᠵᠡᠭᠦᠯᠦᠯᠭᠡ ᠶᠢ ᠰᠣᠨᠢᠷᠬᠠᠵᠤ᠂ ᠰᠤᠷᠤᠭᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠣᠯᠤᠨ ᠨᠤᠲᠤᠭ ᠤᠰᠤᠨ ᠤ ᠶᠡᠷᠦ ᠪᠤᠰᠤ ᠶᠢᠨ ᠬᠥᠷ ᠬᠥᠭᠵᠢᠶᠡᠨ ᠲᠠᠢ ᠪᠠᠶᠢᠳᠠᠯ ᠢ ᠮᠡᠳᠡᠷᠡᠭᠦᠯᠪᠡ᠃ ᠬᠠᠶᠢᠷᠤᠪ ᠤᠨ ᠲᠣᠬᠤᠢ ᠲᠣᠭᠤᠷᠢᠭ ᠤᠨ ᠢ ᠯᠢᠨ ᠪᠠᠭ᠎ᠠ ᠰᠤᠷᠭᠠᠭᠤᠯᠢ ᠶᠢᠨ ᠰᠤᠷᠤᠭᠴᠢᠳ ᠣᠯᠠᠨ ᠶᠠᠩᠵᠤ ᠬᠡᠯᠪᠡᠷᠢ ᠶᠢᠨ ᠴᠡᠴᠡᠭᠲᠦ ᠳ᠋ᠧᠩ ᠬᠢᠪᠡ  ᠃ ᠬᠠᠶᠢᠷᠤᠪ ᠤᠨ ᠲᠣᠬᠤᠢ ᠲᠣᠭᠤᠷᠢᠭ ᠤᠨ ᠭᠤᠸᠠᠩ ᠮᠢᠩ ᠵᠠᠮ ᠤᠨ ᠪᠠᠭ᠎ᠠ ᠰᠤᠷᠭᠠᠭᠤᠯᠢ ᠨᠠᠷᠢᠯᠢᠭ ᠰᠠᠶᠢᠬᠠᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢᠶᠠᠷ ᠬᠠᠭᠤᠯᠤᠨ ᠢᠯᠡᠭᠡᠵᠦ᠂ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃    ︽ᠪᠢᠳᠠᠨ ᠤ ᠪᠠᠶᠠᠷ ᠤᠨ ᠡᠳᠦᠷ︾᠎ ᠤᠨ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠪᠦᠬᠦ  ᠲᠤᠭᠤᠷᠢᠭ ᠤᠨ ᠪᠠᠭᠰᠢ ᠰᠤᠷᠤᠭᠴᠢᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠨᠠᠰᠤᠨ ᠳᠤ ᠦᠯᠦ ᠬᠦᠷᠦᠭᠰᠡᠳ ᠢ ᠬᠥᠲᠥᠯᠥᠨ ᠵᠢᠯᠣᠭᠤᠳᠴᠤ᠂ ᠠᠷᠠᠳ ᠤᠨ ᠵᠠᠩ ᠦᠢᠯᠡ ᠶᠢ ᠣᠶᠢᠯᠠᠭᠠᠭᠤᠯᠵᠤ᠂ ᠪᠠᠭ᠋ᠠᠷᠬᠠᠬᠤ ᠶᠢ ᠬᠥᠲᠥᠯᠥᠨ ᠵᠢᠯᠣᠭᠤᠳᠴᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠠᠭᠤᠯᠤᠭᠳᠠᠵᠤ ᠪᠠᠶᠢᠭ᠎ᠠ ᠥᠷᠲᠡᠭ ᠤᠨ ᠣᠨᠣᠯᠵᠢᠬᠤᠨ ᠢ ᠣᠢᠢᠯᠠᠭᠠᠵᠤ᠂ ᠳᠤᠮᠳᠠᠳᠤ ᠶᠢᠨ ᠰᠢᠯᠢᠳᠡᠭ ᠰᠣᠶᠣᠯ ᠤᠨ ᠤᠯᠠᠮᠵᠢᠯᠠᠯ ᠢ ᠮᠡᠳᠡᠷᠡᠬᠦ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号