ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2023/3/1
      ᠣᠶᠢᠷ᠎ᠠ ᠳᠤ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠠᠵᠢᠯᠲᠠᠳ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠶᠠᠪᠤᠴᠠ ᠳᠤ᠂ ᠴᠢᠩ ᠴᠢᠤᠸᠠᠨ ᠵᠡᠭᠡᠯᠢ ᠶᠢᠨ ᠸᠠᠨ ᠳ᠋ᠠ ᠨᠢᠭᠡᠳᠦᠭᠡᠷ ᠡᠭᠦᠳᠡᠨ ᠤ ᠡᠰᠡᠷᠭᠦ ᠲᠠᠯ᠎ᠠ ᠶᠢᠨ ᠬᠤᠳᠠᠯᠳᠤᠭᠠᠨ ᠤ ᠳᠡᠯᠭᠡᠭᠦᠷ ᠤᠨ ᠡᠭᠦᠳᠡᠨ ᠡᠮᠦᠨᠡᠬᠢ ᠮᠠᠰᠢᠨ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ᠂ ᠶᠠᠪᠠᠭᠠᠨ ᠬᠥᠮᠥᠨ ᠤ ᠥᠩᠭᠡᠷᠡᠬᠦ ᠵᠠᠮ ᠢ ᠡᠵᠡᠯᠡᠨ ᠬᠡᠷᠡᠭᠯᠡᠭᠰᠡᠨ ᠢ ᠣᠯᠵᠤ ᠮᠠᠲᠠᠵᠠᠢ᠃ ᠬᠤᠳᠠᠯᠳᠤᠭᠠᠨ ᠤ ᠫᠦᠰᠡ ᠶᠢᠨ ᠡᠭᠦᠳᠡᠨ ᠡᠮᠦᠨᠡᠬᠢ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠤᠯᠢ ᠬᠡᠷᠡᠭᠵᠢᠭᠦᠯᠬᠦ ᠠᠵᠢᠯᠲᠠᠨ ᠵᠠᠮ ᠡᠵᠡᠯᠡᠨ ᠲᠡᠷᠭᠡ ᠵᠣᠭᠰᠣᠭᠠᠵᠤ᠂ ᠪᠤᠰᠤᠳ ᠬᠥᠮᠥᠨ ᠢ ᠶᠠᠪᠤᠵᠤ ᠰᠠᠭᠤᠬᠤ ᠳᠤ ᠳᠥᠭᠦᠮ ᠦᠭᠡᠢ ᠪᠣᠯᠭᠠᠭᠰᠠᠨ᠂ ᠵᠠᠮ ᠬᠠᠷᠢᠯᠴᠠᠭᠠᠨ ᠤ ᠡᠮᠬᠢ ᠵᠢᠷᠤᠮ ᠢ ᠨᠥᠯᠥᠭᠡᠯᠡᠭᠰᠡᠨ ᠮᠠᠰᠢᠨ ᠲᠡᠷᠭᠡᠨ ᠳᠤ ᠲᠣᠭᠲᠠᠭᠠᠯ ᠠᠴᠠ ᠵᠥᠷᠢᠴᠡᠨ ᠵᠣᠭᠰᠣᠭᠰᠠᠨ ᠢ ᠮᠡᠳᠡᠭᠳᠡᠬᠦ ᠬᠠᠭᠤᠳᠠᠰᠤ ᠨᠠᠭᠠᠪᠠ᠃
1677571405656051580.jpg    
      ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠣᠯᠠᠨ ᠢᠶᠠᠷ ᠢᠶᠠᠨ ᠬᠠᠮᠲᠤ ᠪᠠᠷ ᠬᠠᠮᠠᠭᠠᠯᠠᠬᠤ ᠬᠡᠷᠡᠭᠲᠡᠢ᠂ ᠬᠤᠲᠠ ᠶᠢᠨ ᠠᠷᠠᠳ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠲᠡᠷᠭᠡ ᠪᠠᠨ ᠪᠣᠯᠪᠠᠰᠤᠨ ᠢᠶᠠᠷ ᠵᠣᠭᠰᠣᠭᠠᠵᠤ᠂ ᠠᠮᠤᠷ ᠲᠦᠪᠰᠢᠨ᠂ ᠰᠠᠭᠠᠳ ᠦᠭᠡᠢ᠂ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃
1677571420689023335.jpg
1677571463479099035.jpg
     ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠵᠢᠵᠢᠭ ᠰᠠᠵᠢᠭ ᠵᠦᠢᠯ ᠳᠤ ᠯᠠᠪᠳᠠᠭᠤᠨ ᠪᠠᠲᠤᠲᠠᠢ ᠠᠭᠤᠰᠤᠯᠴᠠᠭᠤᠯᠵᠤ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠷᠢᠶ᠎ᠡ ᠬᠡᠪᠴᠢᠶᠡᠨ ᠳᠤ ︽ᠨᠠᠷᠢᠯᠢᠭ ᠨᠠᠶᠢᠳᠠᠪᠤᠷᠢᠵᠢᠭᠤᠯᠵᠤ︾᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠠᠬᠢᠭᠤᠯᠵᠤ᠂ ᠬᠠᠷᠢᠶ᠎ᠠ ᠣᠷᠣᠨ ᠤ ᠲᠡᠷᠭᠡ ᠵᠣᠭᠰᠣᠬᠤ ᠡᠮᠬᠢ ᠳᠢᠭᠯᠢᠮ ᠢ ᠴᠢᠩᠭᠠᠳᠬᠠᠨ ᠵᠢᠷᠤᠮᠵᠢᠭᠤᠯᠵᠤ᠂ ᠬᠤᠳᠠ ᠶᠢᠨ ᠵᠠᠮ ᠤᠨ ᠲᠡᠷᠭᠡ ᠵᠣᠭᠰᠣᠬᠤ ᠵᠢᠷᠤᠮᠵᠢᠯ ᠲᠠᠢ ᠡᠮᠬᠢ ᠳᠢᠭᠯᠢᠮ ᠲᠠᠢ ᠪᠠᠶᠢᠬᠤ ᠶᠢ ᠦᠨᠡᠨᠬᠦ  ᠪᠠᠳᠤᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号