ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ 2023 ᠣᠨ ᠤ ᠬᠠᠤᠯᠢ ᠬᠡᠷᠡᠭᠵᠢᠭᠦᠯᠦᠭᠴᠢ ᠶᠢᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2023/3/13
      ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠤᠯᠢ ᠪᠠᠷ ᠤᠯᠤᠰ ᠢᠶᠠᠨ ᠵᠠᠰᠠᠬᠤ ᠲᠤᠬᠠᠶ ᠨᠠᠮ ᠤᠨ ᠲᠥᠪ ᠬᠤᠷᠢᠶᠠᠨ ᠤ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠪᠠᠨ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠨ ᠰᠢᠯᠢᠳᠡᠭᠵᠢᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠠᠮ ᠤᠨ ᠤᠳᠤᠷᠢᠳᠬᠤ ᠲᠤᠭᠤᠶᠢᠯᠠᠩ ᠤᠨ ᠤᠨᠤᠯ ᠤᠨ ᠭᠤᠤᠯ ᠳᠤᠭᠤᠶᠢᠯᠠᠩ ︵ᠥᠷᠭᠡᠳᠬᠡᠭᠰᠡᠨ︶᠎ ᠤᠨ ᠬᠠᠤᠯᠢ ᠶᠢ ᠰᠤᠷᠴᠤ ᠬᠠᠤᠯᠢ ᠬᠡᠷᠡᠭᠯᠡᠬᠦ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃      ᠬᠤᠷᠠᠯ ᠳᠡᠭᠡᠷ᠎ᠡ᠂ ᠪᠥᠬᠦ ᠠᠵᠢᠯᠲᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠤᠡᠭᠡᠯ ᠤᠨ ᠬᠠᠤᠯᠢ︾ ᠵᠡᠷᠭᠡ ᠶᠡᠷᠦᠩᠬᠡᠶᠢᠯᠡᠭᠰᠡᠨ ᠴᠢᠨᠠᠷᠲᠠᠶ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠪᠠ᠃ ᠰᠤᠷᠤᠯᠴᠠᠬᠤ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠡᠵᠡᠮᠰᠢᠬᠦ ᠪᠠ ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠪᠠ᠃ ᠬᠤᠷᠠᠯ ᠠᠴᠠ ᠱᠠᠭᠠᠷᠳᠠᠭᠰᠠᠨ ᠨᠢ᠂ ᠪᠦᠬᠦ ᠠᠵᠢᠯᠲᠠᠳ ᠬᠠᠤᠯᠢ ᠴᠠᠭᠠᠵᠠ ᠶᠢᠨ ᠰᠡᠳᠬᠢᠬᠦᠶ ᠎ ᠪᠠᠨ ᠪᠠᠲᠤ ᠪᠠᠬᠢ ᠪᠤᠢ ᠪᠣᠯᠭᠠᠵᠤ᠂ ᠬᠠᠤᠯᠢ ᠶᠢ ᠰᠤᠷᠴᠤ᠂ ᠬᠠᠤᠯᠢ ᠶᠢ ᠬᠡᠷᠡᠭᠯᠡᠵᠦ᠂ ᠬᠠᠤᠯᠢ ᠶᠢ ᠵᠢᠷᠤᠮᠯᠠᠵᠤ᠂ ᠬᠠᠤᠯᠢ ᠶᠢ ᠰᠠᠬᠢᠵᠤ᠂ ᠬᠠᠤᠯᠢ ᠴᠠᠭᠠᠵᠠ ᠶᠢ ᠲᠦᠬᠡᠮᠡᠯᠵᠢᠭᠦᠯᠵᠦ᠂ ᠬᠠᠤᠯᠢ ᠲᠦᠷᠢᠮ ᠤᠨ ᠰᠡᠳᠬᠢᠬᠦᠶ ᠪᠠ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠤᠶᠢᠯᠡᠴᠢᠯᠡᠬᠦ ᠵᠢᠴᠢ ᠬᠤᠲᠠ ᠶᠢᠨ ᠬᠠᠮᠢᠶᠠᠷᠤᠯᠲᠠ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠨᠠᠩ ᠰᠠᠶᠢᠲᠤᠷ ᠵᠣᠬᠢᠴᠠᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢᠵᠢᠯ᠂ ᠨᠠᠷᠢᠯᠢᠬᠵᠢᠭᠤᠯᠤᠯᠲᠠ᠂ ᠲᠤᠰᠬᠠᠶᠢᠵᠢᠯᠲᠠ ᠶᠢᠨ ᠬᠢᠷᠢ ᠬᠡᠮᠵᠢᠶ᠎ᠡ ᠶᠢ ᠲᠦᠯᠬᠢᠨ ᠠᠬᠢᠭᠤᠯᠬᠤ ᠬᠡᠷᠡᠭᠲᠡᠶ ᠭᠡᠵᠠᠢ᠃
1678352311219029455.jpg
            ᠵᠠᠯᠭᠠᠭᠠᠳ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠤᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠤᠯᠢ ᠬᠡᠷᠡᠭᠵᠢᠭᠦᠯᠵᠦ ᠰᠢᠮᠳᠠᠭᠤᠯᠤᠨ ᠪᠠᠶᠢᠴᠠᠭᠠᠬᠤ᠂ ᠬᠡᠷᠡᠭ ᠤᠨ ᠵᠢᠱᠢᠶ᠎ᠡ ᠶᠢ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠨ᠂ ᠰᠣᠷᠣᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠨᠠᠩ ᠰᠠᠶᠢᠲᠤᠷ ᠪᠤᠢ ᠪᠣᠯᠭᠠᠵᠤ᠂ ᠬᠠᠤᠯᠢ ᠬᠡᠷᠡᠭᠵᠢᠭᠦᠯᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号