ᠵᠠᠮ ᠬᠠᠷᠢᠯᠴᠠᠭᠠᠨ ᠤ ᠠᠮᠤᠷ ᠲᠦᠪᠰᠢᠨ ᠢᠶᠠᠨ ᠬᠠᠮᠲᠤᠪᠠᠷ ᠬᠠᠮᠭᠠᠯᠠᠶ᠎ᠠ
ᠨᠡᠶᠢᠲᠡᠯᠡᠭᠰᠡᠨ ᠴᠠᠭ᠄
2023/3/13
      ᠮᠠᠨ ᠤ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠨ ᠬᠥᠮᠦᠵᠢᠭᠦᠯᠬᠦ ᠪᠠᠨ ᠭᠤᠤᠯ ᠪᠣᠯᠭᠠᠨ᠂ ᠤᠷᠢᠳᠴᠢᠯᠠᠨ ᠰᠡᠷᠭᠡᠶᠢᠯᠡᠵᠦ᠂ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠳᠡᠯ ᠭᠠᠷᠬᠤ ᠨᠣᠷᠮ᠎ᠠ ᠶᠢ ᠦᠨᠡᠨᠬᠦ ᠪᠠᠭᠤᠷᠠᠭᠤᠯᠬᠤ ᠶᠢᠨ ᠲᠤᠰᠠᠳᠠ᠂ ᠠᠮᠤᠷ ᠲᠦᠪᠰᠢᠨ ᠭᠠᠳᠠᠭᠰᠢ ᠭᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃ 2023 ᠣᠨ ᠤ 3 ᠰᠠᠷ᠎ᠠ ᠶᠢᠨ 10᠎ ᠤ ᠥᠷᠯᠥᠭᠡ ᠶᠢᠨ ᠰᠤᠷᠭᠠᠭᠤᠯᠢ ᠳᠤ ᠰᠠᠭᠤᠬᠤ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ ᠤᠨ ᠬᠠᠷᠢᠶ᠎ᠠ ᠵᠢᠷᠭᠤᠭᠠᠨ ᠳᠤᠮᠳᠠᠳᠤ ᠰᠤᠷᠭᠠᠭᠤᠯᠢ ᠳᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠲᠤᠰᠬᠠᠶ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠪᠡ᠃      ᠪᠠᠶᠢᠴᠠᠭᠠᠯᠲᠠ ᠶᠢᠨ ᠳᠤᠮᠳᠠ ᠣᠨᠴᠠ ᠵᠠᠷᠢᠮ ᠰᠤᠷᠤᠭᠴᠢᠳ ᠲᠤ ᠴᠠᠬᠢᠯᠭᠠᠨ ᠬᠥᠳᠡᠯᠭᠡᠭᠦᠷᠲᠦ ᠲᠡᠷᠭᠡ ᠤᠨᠤᠵᠤ ᠰᠤᠷᠭᠠᠭᠤᠯᠢ ᠳᠤ ᠣᠷᠣᠬᠤ ᠦᠵᠡᠭᠳᠡᠯ ᠣᠷᠣᠰᠢᠵᠤ ᠪᠠᠶᠢᠬᠤ ᠶᠢ ᠣᠯᠵᠤ ᠮᠡᠳᠡᠵᠡᠢ᠂ ᠡᠯ᠎ᠡ ᠰᠤᠷᠭᠠᠭᠤᠯᠢ ᠶᠢᠨ ᠬᠢᠨ ᠰᠤᠷᠤᠭᠴᠢᠳ ᠤᠨ ᠴᠠᠬᠢᠯᠭᠠᠨ ᠬᠥᠳᠡᠯᠭᠡᠭᠦᠷᠲᠦ ᠲᠡᠷᠭᠡ ᠤᠨᠤᠵᠤ ᠪᠠᠶᠢᠭ᠎ᠠ ᠠᠵᠢᠯᠯᠠᠭ᠎ᠠ ᠪᠠᠨ ᠵᠠᠯᠠᠷᠠᠭᠤᠯᠵᠤ᠂ ᠲᠣᠭᠲᠠᠭᠠᠯ ᠠᠴᠠ ᠵᠥᠷᠢᠴᠡᠭᠰᠡᠨ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠬᠢᠵᠦ᠂ ᠭᠡᠷ ᠤᠨ ᠠᠬᠠᠮᠠᠳ ᠢ ᠱᠠᠯᠠᠪᠳᠠᠭᠤᠯᠤᠨ ᠦᠷ᠎ᠡ ᠬᠡᠤᠬᠡᠳ ᠲᠤ ᠬᠢᠨᠠᠯᠲᠠ ᠲᠠᠯᠪᠢᠬᠤ ᠬᠥᠮᠦᠵᠢᠯ ᠢ ᠴᠢᠩᠭᠠᠳᠬᠠᠪᠠ᠃      ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡ ᠤᠨᠤᠤᠭᠰᠠᠨ ᠠᠴᠠ ᠪᠣᠯᠤᠭᠰᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠨᠢ ᠬᠥᠮᠦᠰ ᠢ ᠰᠠᠨᠠᠭᠠᠰᠢᠷᠠᠭᠤᠯᠵᠤ᠂ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠬᠦᠨᠳᠦ ᠨᠣᠴᠢᠲᠠᠶ ᠰᠦᠷᠳᠡᠭᠦᠯᠦᠭᠰᠡᠨ ᠪᠠᠶᠢᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠰᠤᠷᠭᠠᠭᠤᠯᠢ ︽ᠮᠡᠳᠡᠭᠳᠡᠬᠦ ᠪᠢᠴᠢᠭ︾᠂ ︽ᠭᠡᠷ ᠤᠨ ᠠᠬᠠᠮᠠᠳ ᠲᠤ ᠥᠭᠭᠦᠭᠰᠡᠨ ᠨᠢᠭᠡ ᠬᠤᠪᠢ ᠵᠠᠬᠢᠳᠠᠯ︾᠂ ︽ᠠᠮᠤᠷ ᠲᠦᠪᠰᠢᠨ ᠤ ᠬᠥᠮᠦᠵᠢᠯ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠰᠤᠷᠤᠭᠴᠢ ᠪᠣᠯᠤᠨ ᠭᠡᠷ ᠤᠨ ᠠᠬᠠᠮᠠᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢ ᠮᠡᠳᠡᠭᠳᠡᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠭᠤᠶ ᠲᠡᠷᠭᠡ ᠤᠨᠤᠬᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠴᠠᠬᠢᠯᠭᠠᠨ ᠬᠥᠳᠡᠯᠭᠡᠭᠦᠷᠲᠦ ᠲᠡᠷᠭᠡ ᠵᠢᠯᠣᠭᠤᠳᠬᠤ ᠶᠢ ᠴᠠᠭᠠᠵᠢᠯᠠᠬᠤ ᠶᠢ ᠨᠢᠭᠡ ᠵᠦᠢᠯ ᠤᠨ ᠪᠠᠶᠢᠩᠭᠤᠵᠢᠭᠤᠯᠬᠤ ᠠᠵᠢᠯ ᠪᠣᠯᠭᠠᠨ ᠠᠳᠬᠤᠵᠤ᠂ ᠥᠷᠭᠡᠨ ᠢᠶᠠᠷ ᠤᠬᠠᠭᠤᠯᠵᠤ᠂ ᠴᠢᠩᠭ᠎ᠠ ᠪᠠᠶᠢᠴᠠᠭᠠᠵᠤ ᠴᠢᠩᠭ᠎ᠠ ᠬᠠᠮᠢᠶᠠᠷᠬᠤ ᠬᠡᠷᠡᠭᠲᠡᠶ᠃      ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠦᠷᠭᠦᠯᠵᠢᠯᠡᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠵᠦᠢᠯ ᠤᠨ ᠬᠡᠯᠪᠡᠷᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠭᠤᠶ ᠤᠨᠤᠬᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠶᠢ ᠴᠡᠭᠴᠡᠯᠡᠨ ᠵᠠᠰᠠᠬᠤ ᠠᠵᠢᠯ ᠢᠶᠠᠨ ᠴᠢᠩᠭᠠᠳᠬᠠᠵᠤ᠂ ᠮᠠᠨ ᠤ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃ 

1678432874731047138.png

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号