ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠤ᠋ ᠶᠠᠨ ᠨᠥᠬᠦᠷ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠤᠷᠭᠠᠭᠤᠯᠢ ᠶᠢᠨ ᠵᠠᠬᠢᠷᠤᠯ ᠳᠡᠳ᠋ ᠵᠠᠬᠢᠷᠤᠯ ᠲᠠᠢ ᠬᠠᠮᠲᠤ ᠶᠢᠨ ᠶᠠᠷᠢᠯᠴᠠᠭ᠎ᠠ ᠬᠢᠪᠡ
ᠨᠡᠶᠢᠲᠡᠯᠡᠭᠰᠡᠨ ᠴᠠᠭ᠄
2023/3/13
     ᠬᠠᠶᠢᠷᠤᠪ ᠤᠨ ᠲᠣᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠤᠨ ᠥᠷᠢᠰᠦᠯᠳᠦᠨ ᠤᠷᠢᠬᠤ ᠠᠵᠢᠯ ᠨᠢᠭᠡᠨᠲᠡ ᠳᠠᠭᠤᠰᠴᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠨᠢᠭᠡᠨᠲᠡ ᠥᠪᠡᠷ ᠥᠪᠡᠷ ᠤᠨ ᠠᠵᠢᠯ ᠤᠨ ᠪᠠᠶᠢᠷᠢ ᠳᠠᠭᠠᠨ ᠭᠠᠷᠪᠠ᠃ ᠰᠢᠨ᠎ᠡ ᠪᠠᠷ ᠲᠤᠰᠢᠶᠠᠯ ᠳᠤ ᠭᠠᠷᠤᠭᠰᠠᠨ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠤᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢᠨ ᠲᠥᠯᠥᠭᠡ᠂ 3 ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠤ᠋ ᠶᠠᠨ ᠨᠥᠬᠦᠷ ᠰᠢᠨ᠎ᠡ ᠪᠠᠷ ᠲᠤᠰᠢᠶᠠᠯ ᠳᠤ ᠭᠠᠷᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠳᠡᠳ᠋ ᠰᠤᠷᠭᠠᠭᠤᠯᠢ ᠶᠢᠨ ᠳᠠᠷᠤᠭ᠎ᠠ ᠲᠠᠢ ᠬᠠᠮᠳᠤ ᠶᠢᠨ ᠶᠠᠷᠢᠯᠴᠠᠭ᠎ᠠ ᠬᠢᠪᠡ᠃      ᠸᠠᠩ ᠱᠤ᠋ ᠶᠠᠨ ᠨᠥᠬᠦᠷ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ᠂ ᠤᠯᠤᠰ ᠤᠨ ᠠᠷᠭ᠎ᠠ ᠪᠣᠳᠣᠯᠭ᠎ᠠ ᠮᠥᠨ᠂ ᠪᠠᠰᠠ ᠴᠤ ᠠᠷᠠᠳ ᠤᠨ ᠠᠮᠢᠳᠤᠷᠠᠯ ᠮᠥᠨ᠃ ᠱᠦᠵᠢ ᠪᠣᠯᠤᠨ ᠰᠤᠷᠭᠠᠭᠤᠯᠢ ᠶᠢᠨ ᠵᠠᠬᠢᠷᠤᠯ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢᠨ ᠲᠣᠭᠤᠷᠢᠨ ᠳᠤ ᠬᠤᠶᠢᠰᠢᠳᠠ ᠶᠢᠨ ᠰᠤᠷᠭᠠᠨ ᠬᠥᠮᠦᠵᠢᠯ ᠤᠨ ᠠᠵᠢᠯ ᠎ ᠢᠶᠠᠨ ᠥᠷᠨᠢᠭᠦᠯᠬᠦ ᠬᠡᠷᠡᠭᠲᠡᠶ᠃     ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠬᠡᠷᠡᠭᠲᠡᠢ᠃      ᠰᠢᠨ᠎ᠡ ᠪᠠᠷ ᠲᠣᠮᠢᠯᠠᠭᠳᠠᠭᠰᠠᠨ ᠰᠤᠷᠭᠠᠭᠤᠯᠢ ᠶᠢᠨ ᠤᠳᠤᠷᠢᠳᠬᠤ ᠪᠠᠭ ᠨᠢ ᠳᠦᠷᠢ ᠶᠢᠨ ᠪᠡᠶ᠎ᠡ ᠭᠠᠷᠤᠯ ᠤᠨ ᠰᠣᠯᠢᠭᠳᠠᠯ ᠢᠶᠠᠨ ᠲᠦᠷᠭᠡᠬᠡᠨ  ᠪᠡᠶᠡᠯᠡᠭᠦᠯᠬᠦ ᠬᠡᠷᠡᠭᠲᠡᠶ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠲᠦᠷᠢᠮ ᠤᠨ ᠠᠭᠤᠯᠤᠭᠳᠠᠬᠤᠨ ᠲᠠᠢ ᠤᠶᠠᠯᠳᠤᠭᠤᠯᠤᠨ᠂ ᠲᠦᠷᠢᠮ ᠤᠨ ᠳᠠᠪᠠᠭᠤᠯᠢᠭ ᠢᠶᠠᠨ ᠰᠤᠷᠭᠠᠭᠤᠯᠢ ᠶᠢᠨ ᠵᠠᠰᠠᠯᠲᠠ ᠶᠢ ᠵᠠᠰᠠᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠡᠷᠡᠭᠴᠡᠭᠡ᠂ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠰᠤᠷᠭᠠᠭᠤᠯᠢ ᠶᠢᠨ ᠪᠣᠳᠠᠲᠤ ᠪᠠᠶᠢᠳᠠᠯ ᠢᠶᠠᠨ ᠦᠨᠡᠨ ᠬᠦ ᠣᠨᠣᠪᠴᠢᠲᠠᠶ ᠣᠶᠢᠯᠠᠭᠠᠵᠤ᠂ ᠠᠯᠤᠰ ᠬᠡᠲᠦ ᠶᠢᠨ ᠬᠠᠷᠠᠯᠲᠠ ᠪᠠ ᠠᠵᠢᠯ ᠤᠨ ᠰᠤᠷᠲᠠᠯ ᠢ ᠵᠢᠭᠠᠨ ᠰᠤᠷᠭᠠᠯᠲᠠ ᠶᠢᠨ ᠶᠠᠰᠤ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠨ ᠰᠤᠷᠭᠠᠯᠲᠠ ᠪᠠ ᠰᠤᠷᠭᠠᠭᠤᠯᠢ ᠶᠢᠨ ᠬᠠᠮᠢᠶᠠᠷᠤᠯᠲᠠ ᠪᠠᠨ ᠴᠢᠩᠭ᠎ᠠ ᠠᠳᠬᠤᠵᠤ᠂ ᠬᠢᠴᠢᠶᠡᠯ ᠤᠨ ᠲᠠᠩᠬᠢᠮ ᠤᠨ ᠬᠡᠪ ᠤᠨ ᠪᠠᠶᠢᠳᠠᠯ ᠢ ᠨᠠᠶᠢᠳᠠᠪᠤᠷᠢᠵᠢᠭᠤᠯᠬᠤ ᠬᠡᠷᠡᠭᠲᠡᠶ᠃ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠯ᠎ᠡ ᠲᠠᠯ᠎ᠠ ᠶᠢ ᠵᠣᠬᠢᠴᠠᠭᠤᠯᠵᠤ᠂ ᠶᠡᠭᠡ ᠲᠠᠯ᠎ᠠ ᠶᠢᠨ ᠤᠬᠠᠮᠰᠠᠷ ᠢᠶᠠᠨ ᠪᠤᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠨ ᠰᠤᠷᠭᠠᠭᠤᠯᠢ ᠶᠢᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠲᠠᠶᠢᠴᠢᠨ ᠪᠠᠬᠢᠯᠡᠯᠲᠡ ᠪᠣᠯᠭᠠᠬᠤ ᠬᠡᠷᠡᠭᠲᠡᠢ︔ ᠠᠯᠤᠰ ᠬᠡᠲᠦ ᠶᠢ ᠪᠣᠳᠣᠯᠬᠢᠯᠠᠨ᠂ ᠨᠠᠩ ᠠᠯᠤᠰ ᠬᠡᠲᠦ ᠶᠢᠨ ᠰᠠᠭᠤᠷᠢ ᠲᠠᠯᠪᠢᠬᠤ ᠰᠠᠶᠢᠨ ᠶᠠᠪᠤᠳᠠᠯ ᠪᠠ ᠪᠣᠳᠠᠲᠤ ᠶᠠᠪᠤᠳᠠᠯ ᠢ ᠡᠮᠬᠢ ᠴᠡᠭᠴᠡ ᠲᠠᠢ ᠠᠬᠢᠭᠤᠯᠵᠤ᠂ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠢᠶᠠᠨ ᠡᠮᠬᠢ ᠴᠡᠭᠴᠡ ᠲᠠᠢ ᠠᠬᠢᠭᠤᠯᠵᠤ᠂ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠠᠮᠢᠳᠤᠯᠢᠭ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃      ᠬᠤᠶᠠᠷ ᠲᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃      ᠡᠷᠳᠡᠮ ᠴᠢᠳᠠᠪᠤᠷᠢ ᠶᠢᠨ ᠭᠡᠯᠮᠡᠭᠳᠡᠯ ᠤᠨ ᠲᠦᠭᠰᠢᠭᠦᠷᠢᠲᠦ ᠰᠡᠳᠬᠢᠯᠭᠡ ᠵᠢᠴᠢ ᠬᠢᠴᠢᠶᠡᠯ ᠨᠦᠬᠦᠬᠦ ᠴᠠᠬᠢᠯᠭᠠᠨ ᠴᠡᠨᠡᠭᠯᠡᠬᠦ ᠲᠤᠯᠭᠠᠮ ᠰᠡᠳᠭᠢᠯᠭᠡ ᠶᠢ ᠦᠷᠭᠦᠯᠵᠢ ᠡᠪᠦᠷᠯᠡᠵᠦ᠂ ︽ᠦᠢᠯᠡᠰ ᠪᠦᠳᠦᠭᠡᠪᠡᠯ ᠰᠠᠶ᠋ᠢ ᠣᠷᠣᠨ ᠪᠠᠶᠢᠷᠢ ᠲᠠᠢ᠂ ᠪᠠᠶᠢᠷᠢ ᠰᠠᠭᠤᠷᠢ ᠲᠠᠢ ᠪᠣᠯ ᠨᠡᠩ ᠦᠢᠯᠡᠰ ᠪᠦᠳᠦᠭᠡᠬᠦ︾ ᠦᠵᠡᠯ ᠰᠠᠨᠠᠭ᠎ᠠ ᠪᠣᠯᠤᠨ ᠨᠠᠰᠤᠨ ᠲᠤᠷᠰᠢᠳᠠ ᠰᠤᠷᠤᠯᠴᠠᠬᠤ ᠤᠬᠠᠮᠰᠠᠷ ᠢ ᠪᠤᠢ ᠪᠣᠯᠭᠠᠵᠤ᠂ ᠰᠤᠷᠤᠯᠴᠠᠬᠤ ᠴᠢᠳᠠᠪᠤᠷᠢ ᠪᠠᠨ ᠲᠡᠷᠢᠭᠦᠨ ᠪᠠᠶᠢᠷᠢᠨ ᠳᠤ ᠲᠠᠯᠪᠢᠵᠤ᠂ ᠳᠠᠷᠤᠤ ᠬᠢᠴᠢᠶᠡᠩᠭᠦᠢ᠂ ᠰᠤᠷᠤᠯᠴᠠᠯᠭ᠎ᠠ᠂ ᠤᠷᠤᠭᠰᠢᠯᠠᠬᠤ ᠪᠠᠶᠢᠳᠠᠯ ᠢᠶᠠᠨ ᠪᠠᠲᠤᠯᠠᠵᠤ᠂ ᠰᠡᠳᠬᠢᠯ ᠰᠢᠭᠤᠳᠤᠨ ᠰᠤᠳᠤᠯᠵᠤ᠂ ᠢᠯᠠᠩᠭᠤᠶ᠎ᠠ 35 ᠨᠠᠰᠤᠨ ᠠᠴᠠ ᠳᠣᠷᠣᠭᠰᠢᠬᠢ ᠳᠡᠳ᠋ ᠰᠤᠷᠭᠠᠭᠤᠯᠢ ᠶᠢᠨ ᠵᠠᠬᠢᠷᠤᠯ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠦᠢᠯᠡᠳᠦᠯᠭᠡ ᠶᠢᠨ ᠳᠤᠮᠳᠠ ᠥᠪᠡᠷ ᠢ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠰᠤᠷᠤᠯᠴᠠᠬᠤ ᠤᠨᠤᠯ ᠪᠣᠯᠤᠨ ᠰᠤᠷᠤᠯᠴᠠᠬᠤ ᠠᠷᠭ᠎ᠠ ᠶᠢᠨ ᠶᠠᠪᠤᠴᠠ ᠳᠤ ᠬᠤᠪᠢᠷᠠᠯᠲᠠ ᠶᠢ ᠠᠳᠬᠤᠵᠤ᠂ ᠲᠤᠰ ᠪᠡᠶ᠎ᠡ ᠶᠢᠨ ᠦᠵᠡᠯ ᠰᠠᠨᠠᠭᠠᠨ ᠤ ᠴᠢᠳᠠᠪᠤᠷᠢ ᠪᠣᠯᠤᠨ ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠨᠠᠮ ᠤᠨ ᠲᠥᠪ ᠬᠤᠷᠢᠶᠠᠨ ᠤ ᠠᠯᠬᠤᠮ ᠢ ᠳᠠᠭᠠᠵᠤ᠂ ᠴᠠᠭ ᠦᠶ᠎ᠡ ᠶᠢᠨ ᠤᠷᠤᠭᠰᠢᠯᠠᠯᠲᠠ ᠶᠢᠨ ᠠᠯᠬᠤᠮ ᠢ ᠴᠤ ᠳᠠᠭᠠᠵᠤ᠂ ᠰᠢᠨ᠎ᠡ ᠴᠠᠭ ᠦᠶ᠎ᠡ ᠶᠢᠨ ᠰᠠᠶᠢᠨ ᠱᠦᠵᠢ᠂ ᠰᠠᠶᠢᠨ ᠰᠤᠷᠭᠠᠭᠤᠯᠢ ᠶᠢᠨ ᠵᠠᠬᠢᠷᠤᠯ ᠢ ᠰᠠᠶᠢᠲᠤᠷ ᠬᠢᠬᠦ ᠬᠡᠷᠡᠭᠲᠡᠢ ᠭᠡᠪᠡ᠃      ᠭᠤᠷᠪᠠ ᠳᠤ᠂ ᠴᠤᠭ ᠰᠦᠯᠳᠡ ᠪᠠᠨ ᠪᠠᠳᠠᠷᠠᠭᠤᠯᠵᠤ᠂ ᠪᠦᠯᠬᠦᠮᠳᠡᠨ ᠲᠡᠮᠡᠴᠡᠬᠦ ᠬᠡᠷᠡᠭᠲᠡᠢ᠃      ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯ ᠠᠵᠢᠯ ᠢᠶᠠᠨ ᠰᠠᠶᠢᠲᠤᠷ ᠬᠢᠬᠦ ᠶᠢᠨ ᠤᠷᠢᠲᠠᠯ ᠮᠥᠨ᠂ ᠡᠯ᠎ᠡ ᠰᠢᠨ᠎ᠡ ᠪᠠᠷ ᠲᠤᠰᠢᠶᠠᠯ ᠳᠤ ᠭᠠᠷᠤᠭᠰᠠᠨ ᠰᠤᠷᠭᠠᠭᠤᠯᠢ ᠶᠢᠨ ᠳᠠᠷᠤᠭ᠎ᠠ᠂ ᠳᠡᠳ᠋ ᠵᠠᠬᠢᠷᠤᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠵᠢᠴᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠯᠬᠤᠭ᠎ᠠ᠂ ᠪᠣᠭᠤᠮᠲᠠ ᠰᠢᠪᠲᠤᠯᠬᠤ ᠬᠦᠭ ᠠᠶᠠᠰ ᠢᠶᠠᠷ ᠰᠡᠳᠬᠢᠯ ᠢᠶᠠᠨ ᠨᠢᠭᠡᠳᠬᠡᠵᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ‌ᠬᠠᠮᠲᠤᠳᠬᠠᠵᠤ ᠪᠠᠶᠢᠭᠠᠳ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠥᠭᠡᠳ ᠨᠠᠮ ᠪᠣᠯᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃      ᠡᠨᠡ ᠤᠳᠠᠭ᠎ᠠ ᠶᠢᠨ ᠬᠠᠮᠲᠤ ᠶᠢᠨ ᠶᠠᠷᠢᠯᠴᠠᠭ᠎ᠠ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠬᠤᠷᠠᠯᠳᠤᠬᠤ ᠲᠠᠰᠢᠷᠠᠮ ᠳᠤ ᠶᠠᠪᠤᠭᠳᠠᠭᠰᠠᠨ ᠲᠠᠰᠢᠷᠠᠮ ᠳᠤ᠂ ᠡᠯ᠎ᠡ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠤᠨ ᠳᠠᠷᠠᠭᠠᠬᠢ ᠠᠵᠢᠯ ᠤᠨ ᠴᠢᠭᠯᠡᠯ᠂ ᠬᠠᠷᠢᠭᠤᠴᠠᠯᠭ᠎ᠠ᠂ ᠡᠭᠦᠷᠭᠡᠯᠡᠯ ᠤᠨ ᠲᠠᠯ᠎ᠠ ᠪᠠᠷ ᠱᠠᠭᠠᠷᠳᠠᠯᠭ᠎ᠠ ᠪᠣᠯᠣᠨ ᠬᠦᠰᠡᠯ ᠱᠠᠭᠠᠷᠳᠠᠯᠭ᠎ᠠ ᠳᠤᠷᠠᠳᠴᠤ᠂ ᠲᠡᠳᠡᠨ ᠢ ᠬᠦᠲᠦᠯᠦᠨ ᠵᠢᠯᠣᠭᠤᠳᠴᠤ ᠪᠠᠶᠢᠭᠠᠳ ︽ᠶᠠᠮᠠᠷ ᠶᠠᠩᠵᠤ ᠶᠢᠨ ᠰᠤᠷᠭᠠᠭᠤᠯᠢ ᠶᠢ ᠪᠦᠲᠦᠭᠡᠨ ᠪᠠᠶᠢᠭᠤᠯᠵᠤ᠂ ᠰᠤᠷᠭᠠᠭᠤᠯᠢ ᠶᠢ ᠬᠡᠷᠬᠢᠨ ᠰᠠᠶᠢᠲᠤᠷ ᠪᠦᠲᠦᠭᠡᠨ ᠪᠠᠶᠢᠭᠤᠯᠬᠤ︾ ᠡᠨᠡ ᠬᠦ ᠦᠨᠳᠦᠰᠦᠨ ᠠᠰᠠᠭᠤᠳᠠᠯ ᠤᠨ ᠲᠣᠭᠤᠷᠢᠨ ᠳᠤ ᠪᠣᠳᠣᠯᠬᠢᠯᠠᠭᠰᠠᠨ ᠶᠠᠪᠤᠳᠠᠯ ᠪᠣᠯᠣᠨ᠎ᠠ᠃ ᠲᠠᠷᠠᠭᠠᠴᠢ ᠶᠢᠨ ᠠᠵᠢᠯ ᠤᠨ ᠳᠤᠮᠳᠠ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠨᠠᠷ ᠯᠠᠪᠲᠠᠶ ᠬᠤᠯᠠ ᠶᠢᠨ ᠪᠣᠳᠣᠯᠭ᠎ᠠ ᠪᠠᠨ ᠭᠦᠨᠵᠡᠭᠡᠶᠢᠷᠡᠭᠦᠯᠵᠦ᠂ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠰᠢᠨ᠎ᠡ ᠢᠷᠡᠭᠡᠳᠦᠶ ᠶᠢ ᠴᠢᠷᠮᠠᠶᠢᠨ ᠡᠭᠦᠳᠬᠦ ᠪᠣᠯᠤᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号