ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠡᠳᠦᠷ ᠳᠣᠳᠣᠮ ᠤᠨ ᠲᠣᠭᠤᠷᠢᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2023/3/15
      ᠬᠠᠤᠯᠢ ᠠᠴᠠ ᠵᠥᠷᠢᠴᠡᠭᠰᠡᠨ ᠪᠠᠷᠢᠯᠭ᠎ᠠ ᠮᠠᠰᠢ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢᠨ ᠬᠠᠮᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠤᠷᠲᠤ ᠬᠤᠭᠤᠴᠠᠭᠠᠨ ᠤ ᠤᠯᠠᠨ ᠳᠠᠪᠬᠤᠷ ᠨᠥᠯᠥᠭᠡ ᠤᠴᠠᠷᠠᠭᠤᠯᠳᠠᠭ᠃ ᠤᠶᠢᠷ᠎ᠠ ᠳᠤ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠡᠳᠦᠷ ᠳᠣᠳᠣᠮ ᠤᠨ ᠲᠣᠭᠤᠷᠢᠨ ᠪᠠᠢᠴᠠᠭᠠᠬᠤ ᠳᠤᠮᠳᠠ ᠨᠢᠭᠡ ᠭᠠᠵᠠᠷ ᠥᠪᠡᠰᠦᠪᠡᠨ ᠪᠠᠢᠭᠤᠯᠤᠭᠰᠠᠨ ᠨᠠᠷᠠᠨ ᠭᠡᠷᠡᠯᠲᠦ ᠭᠡᠷ ᠪᠠᠶᠢᠰᠢᠩ ᠪᠠᠶᠢᠬᠤ ᠶᠢ ᠣᠯᠵᠤ ᠮᠡᠳᠡᠭᠡᠳ᠂ ᠲᠤᠰ ᠥᠮᠴᠢᠲᠡᠨ ᠥᠪᠡᠷ ᠤᠨ ᠭᠡᠷ ᠪᠠᠶᠢᠰᠢᠩ ᠤᠨ ᠤᠶᠢᠷ᠎ᠠ ᠬᠠᠪᠢ ᠶᠢᠨ ᠬᠤᠭᠤᠰᠣᠨ ᠭᠠᠵᠠᠷ ᠢ ᠪᠢᠲᠡᠭᠦᠮᠵᠢᠯᠡᠵᠦ᠂ ᠬᠡᠷᠡᠭᠯᠡᠬᠦ ᠣᠷᠣᠨ ᠵᠠᠢ ᠪᠠᠨ ᠥᠷᠭᠡᠳᠭᠡᠪᠡ᠃ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠤᠭᠰᠠᠨ ᠳᠤ᠂ ᠲᠣᠰ ᠥᠮᠴᠢᠲᠡᠨ ᠨᠢ ᠬᠠᠮᠢᠶ᠎ᠠ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠭᠠᠷᠳᠠᠮ ᠢᠶᠠᠨ ᠭᠠᠷᠭᠠᠨ ᠦᠵᠡᠭᠦᠯᠦᠭᠰᠡᠨ ᠥᠬᠡᠶ᠂ ᠡᠶᠢᠮᠤ ᠠᠴᠠ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠪᠠᠷ ᠮᠠᠭᠠᠳᠯᠠᠨ ᠲᠣᠭᠲᠠᠭᠠᠭᠳᠠᠪᠠ᠃      ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ ᠲᠣᠰ ᠥᠮᠴᠢᠲᠡᠨ ᠳᠤ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠨᠢ ᠲᠡᠷᠡ ᠳᠠᠷᠤᠶ ᠳᠤᠨᠢ ᠵᠤᠭᠰᠤᠭᠠᠪᠠ᠃       ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠤᠷᠲᠤ ᠬᠤᠭᠤᠴᠠᠭᠠᠨ ᠤ ᠲᠤᠷᠰᠢ ︽ᠬᠢᠵᠠᠭᠠᠷᠯᠠᠬᠤ ᠪᠠᠷ ᠭᠤᠤᠯ ᠪᠣᠯᠭᠠᠬᠤ︾ ᠪᠠ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠨ ᠢᠮᠠᠭᠲᠠ ᠪᠠᠷᠢᠮᠲᠠᠯᠠᠵᠤ᠂ ᠬᠠᠤᠯᠢ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠨ ᠡᠵᠡᠮᠳᠡᠬᠦ ᠠᠵᠢᠯ ᠢ ᠥᠷᠨᠢᠭᠦᠯᠵᠦ᠂ ︽ᠰᠡᠷᠭᠡᠶᠢᠯᠡᠬᠦ︾᠂ ︽ᠡᠵᠡᠮᠳᠡᠬᠦ︾᠂ ︽ᠪᠠᠶᠢᠴᠠᠭᠠᠬᠤ︾᠎ ᠶᠢ ᠬᠠᠷᠢᠯᠴᠠᠨ ᠤᠶᠠᠯᠳᠤᠭᠤᠯᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠨ᠂ ᠬᠠᠤᠯᠢ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠷᠲᠡ ᠢᠯᠡᠷᠡᠭᠦᠯᠬᠦ᠂ ᠡᠷᠲᠡ ᠣᠷᠣᠯᠴᠠᠬᠤ᠂ ᠡᠷᠲᠡ ᠪᠠᠶᠢᠴᠠᠭᠠᠨ ᠰᠢᠢᠤᠡᠪᠤᠷᠢᠯᠡᠬᠦ ᠶᠢ ᠪᠡᠶᠡᠯᠡᠭᠦᠯᠪᠡ᠃ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢ ᠣᠯᠵᠤ ᠮᠡᠳᠡᠪᠡᠯ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠬᠢᠨᠠᠨ ᠬᠠᠷᠭᠤᠭᠤᠯᠵᠤ᠂ ᠬᠠᠤᠯᠢ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢ ᠴᠤᠬᠤᠶᠢᠵᠤ ᠪᠠᠶᠢᠭ᠎ᠠ ᠪᠠᠶᠢᠳᠠᠯ ᠳᠤᠨᠢ ᠬᠤᠷᠢᠭᠯᠠᠨ ᠵᠣᠭᠰᠣᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号