ᠬᠠᠶᠢᠷᠤᠪ ᠤᠨ ᠲᠣᠬᠤᠶ ᠲᠣᠭᠤᠷᠢᠭ ᠨᠠᠰᠤᠵᠢᠯ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠪᠠᠨ ᠦᠷᠭᠦᠯᠵᠢᠯᠡᠨ ᠪᠦᠷᠢᠨᠰᠢᠭᠦᠯᠤᠨ᠎ᠡ
ᠨᠡᠶᠢᠲᠡᠯᠡᠭᠰᠡᠨ ᠴᠠᠭ᠄
2023/3/15
      ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠪᠣᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠃ ᠣᠶᠢᠷ᠎ᠠ ᠶᠢᠨ ᠵᠢᠯ ᠳᠤ᠂ ᠬᠠᠶᠢᠷᠤᠪ ᠤᠨ ᠲᠣᠬᠤᠶ ᠲᠣᠭᠤᠷᠢᠭ ᠨᠠᠰᠤᠵᠢᠯ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠪᠠᠨ ᠦᠷᠭᠦᠯᠵᠢᠯᠡᠨ ᠪᠦᠷᠢᠨᠰᠢᠭᠦᠯᠵᠦ᠂ ᠤᠶᠢᠯᠡᠴᠢᠯᠡᠭᠡᠨ ᠤ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠴᠢᠳᠠᠪᠤᠷᠢᠲᠠᠨ ᠤ ᠨᠥᠭᠡᠴᠡ ᠪᠠᠨ ᠴᠢᠩᠭᠠᠳᠬᠠᠵᠤ᠂ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠦᠳᠡᠯᠪᠡᠯ ᠲᠦᠰᠢᠭ ᠲᠠᠢ᠂ ᠥᠲᠡᠯᠪᠡᠯ ᠪᠠᠶᠠᠷ ᠲᠠᠢ᠂ ᠥᠲᠡᠯᠪᠡᠯ ᠠᠮᠤᠷ ᠠᠮᠤᠭᠤᠯᠠᠩ ᠲᠠᠢ ᠪᠣᠯᠭᠠᠪᠠ᠃      ᠬᠠᠶᠢᠷᠤᠪ ᠤᠨ ᠲᠣᠬᠤᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ — ᠢ ᠾᠧ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠥᠪ ᠢ ᠡᠨᠡ ᠵᠢᠯ ᠰᠠᠶ᠋ᠢᠬᠠᠨ ᠪᠠᠶᠢᠭᠤᠯᠵᠤ ᠠᠰᠢᠭᠯᠠᠯᠲᠠ ᠳᠤ ᠣᠷᠣᠵᠤ᠂ ᠡᠨᠡᠬᠦ ᠨᠠᠰᠤᠲᠠᠨ ᠢ ᠠᠰᠠᠷᠠᠬᠤ ᠬᠦᠷᠢᠶᠡᠯᠡᠩ᠂ ᠡᠮ ᠡᠮᠨᠡᠯᠭᠡ ᠶᠢᠨ ᠪᠠᠶᠢᠭᠤᠯᠤᠮᠵᠢ ᠪᠣᠯᠤᠨ ᠰᠤᠪᠢᠯᠠᠯᠲᠠ ᠶᠢᠨ ᠬᠦᠷᠢᠶᠡᠯᠡᠩ ᠢ ᠨᠢᠭᠡ ᠴᠣᠭᠴᠠᠵᠢᠭᠤᠯᠤᠭᠰᠠᠨ ᠨᠡᠶᠢᠯᠡᠮᠡᠯ ᠬᠡᠯᠪᠡᠷᠢ ᠶᠢᠨ ᠨᠢᠭᠡ ᠥᠷᠲᠡᠭᠡ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠴᠤᠭᠴᠠ ᠶᠢᠨ ᠳᠣᠲᠣᠷ᠎ᠠ᠂ ᠡᠷᠭᠢᠨ ᠲᠣᠭᠤᠷᠢᠨ ᠤ ᠨᠠᠰᠤᠲᠠᠶᠢᠴᠤᠳ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ᠂ ᠦᠰᠦ ᠵᠠᠰᠠᠬᠤ᠂ ᠬᠤᠭᠤᠯᠠ ᠢᠳᠡᠬᠦ ᠵᠡᠷᠭᠡ ᠬᠡᠳᠦᠨ ᠠᠷᠪᠠᠨ ᠵᠦᠢᠯ ᠤᠨ ᠤᠶᠢᠯᠡᠴᠢᠯᠡᠭᠡ ᠬᠦᠷᠲᠡᠵᠦ᠂ ᠪᠠᠰᠠ ᠲᠤᠰᠬᠠᠶ ᠮᠡᠷᠭᠡᠵᠢᠯ ᠤᠨ ᠡᠮ ᠡᠮᠨᠡᠯᠭᠡ ᠡᠷᠡᠭᠦᠯᠵᠢᠯ ᠤᠨ ᠤᠶᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ︽ᠭᠡᠷ ᠤᠨ ᠡᠭᠦᠳᠡ︾᠎ ᠶᠢᠨ ᠨᠠᠰᠤᠵᠢᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃      ᠴᠢᠨᠠᠷ ᠰᠠᠶᠢᠲᠠᠢ ᠡᠷᠡᠭᠦᠯᠵᠢᠯ ᠤᠨ ᠵᠠᠰᠠᠯ ᠲᠤ ᠤᠶᠤᠨᠴᠢᠯᠠᠭᠰᠠᠨ ᠡᠷᠡᠭᠦᠯᠵᠢᠯ ᠤᠨ ᠲᠥᠬᠦᠭᠡᠷᠦᠮᠵᠢ ᠳᠤᠲᠠᠭᠳᠠᠵᠤ ᠪᠤᠯᠤᠰᠢ ᠦᠭᠡᠢ᠃ ᠢ ᠾᠧ ᠨᠠᠰᠤᠲᠠᠨ ᠠᠰᠠᠷᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠡᠭᠦᠯᠵᠢᠯ ᠤᠨ ᠵᠠᠰᠠᠯᠲᠠ ᠶᠢᠨ ᠲᠢᠩᠬᠢᠮ ᠳᠤ ᠡᠯ᠎ᠡ ᠵᠦᠢᠯ ᠤᠨ ᠡᠷᠡᠭᠦᠯᠵᠢᠯ ᠤᠨ ᠲᠥᠬᠦᠭᠡᠷᠦᠮᠵᠢ ᠶᠢ ᠲᠡᠷᠢ ᠲᠡᠭᠰᠢ ᠲᠠᠯᠪᠢᠵᠤ᠂ ᠴᠥᠭᠡᠨ ᠪᠤᠰᠤ ᠨᠠᠰᠤᠲᠠᠶᠢᠴᠤᠳ ᠠᠳᠡ ᠡᠷᠡᠭᠦᠯᠵᠢᠯ ᠤᠨ ᠡᠮᠴᠢᠯᠡᠭᠡ ᠬᠢᠵᠤ ᠪᠠᠶᠢᠨ᠎ᠠ᠃ ᠨᠠᠰᠤᠲᠠᠶᠢᠴᠤᠳ ᠲᠤ ᠡᠮᠨᠡᠯᠭᠡ ᠳᠤ ᠰᠠᠭᠤᠬᠤ ᠭᠠᠷ ᠭᠦᠢᠴᠡᠳᠬᠡᠯ ᠬᠢᠯᠭᠡᠬᠦ ᠳᠤ ᠡᠮ ᠡᠮᠨᠡᠯᠭᠡ ᠶᠢᠨ ᠳᠠᠭᠠᠳᠬᠠᠯ ᠤᠨ ᠺᠠᠷᠲ ᠢᠶᠠᠷ ᠳ᠋ᠦᠩᠨᠡᠨ ᠪᠣᠳᠣᠵᠤ ᠪᠣᠯᠤᠨ᠎ᠠ᠂ ᠡᠭᠦᠨ ᠤ ᠬᠠᠮᠲᠤ ᠭᠡᠷ ᠪᠦᠯᠢ ᠪᠠ ᠲᠥᠷᠥᠯ ᠰᠠᠳᠤᠨ ᠤ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠬᠠᠮᠲᠤ ᠳᠤ ᠪᠠᠨ ᠬᠦᠷᠲᠡᠵᠦ ᠴᠤ ᠪᠣᠯᠤᠨ᠎ᠠ᠃      ᠨᠠᠰᠤᠲᠠᠳ ᠢ ᠠᠰᠠᠷᠠᠬᠤ ᠶᠡᠷᠦᠩᠭᠡᠶᠢᠯᠡᠭᠰᠡᠨ ᠦᠢᠯᠡᠴᠢᠯᠡᠭᠡ ᠶᠢᠨ ᠲᠦᠪ ᠲᠤ᠂ ᠨᠠᠰᠤᠲᠠᠶᠢᠴᠤᠳ ᠤᠨ ᠲᠠᠭᠠᠰᠢᠶᠠᠯ ᠢ ᠣᠯᠵᠤ  ᠪᠠᠶᠢᠭ᠎ᠠ ᠨᠢ ᠹᠢᠽᠢᠺ ᠵᠠᠰᠠᠯᠭ᠎ᠠ ᠶᠢᠨ ᠦᠢᠯᠡᠴᠢᠯᠡᠬᠦ ᠠᠵᠢᠯᠯᠠᠭ᠎ᠠ ᠶᠦᠮ᠃ ᠠᠳᠡ ᠥᠷᠨᠢᠭᠦᠯᠦᠭᠰᠡᠨ ᠹᠢᠽᠢᠺ ᠵᠠᠰᠠᠯ ᠤᠨ ᠲᠥᠷᠥᠯ ᠵᠦᠢᠯ ᠳᠤ ᠵᠡᠭᠦᠦ ᠲᠥᠭᠡᠨᠡᠯᠭᠡ᠂ ᠢᠯᠢᠬᠦ ᠵᠠᠰᠠᠯᠳᠠ᠂ ᠬᠥᠯ ᠤᠬᠢᠶᠠᠯ᠂ ᠡᠮ ᠤᠨ ᠤᠬᠢᠶᠠᠯ ᠵᠡᠷᠭᠡ ᠪᠠᠶᠢᠵᠤ᠂ ᠠᠳᠠᠯᠢ ᠪᠤᠰᠤ ᠨᠠᠰᠤᠲᠠᠶᠢᠴᠤᠳ ᠤᠨ ᠪᠡᠶ᠎ᠡ ᠶᠢᠨ ᠬᠡᠷᠡᠭᠴᠡᠭᠡ ᠶᠢ ᠬᠠᠩᠭᠠᠵᠤ ᠴᠢᠳᠠᠨ᠎ᠠ᠃ ᠡᠭᠦᠨ ᠤ ᠬᠠᠮᠲᠤ᠂ ᠠᠳᠡ ᠪᠠᠰᠠ ᠬᠢᠲᠠᠳ ᠡᠮᠨᠡᠯᠭᠡ ᠶᠢᠨ ᠡᠮᠴᠢ ᠶᠢᠨ ᠦᠢᠯᠡᠴᠢᠯᠡᠭᠡ ᠪᠠᠶᠢᠨ᠎ᠠ᠃ ᠡᠭᠦᠨ ᠠᠴᠠ ᠭᠠᠳᠠᠨ᠎ᠠ᠂ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠪᠠᠰᠠ ᠤᠷᠠᠨ ᠪᠢᠴᠢᠯᠭᠡ ᠶᠢᠨ ᠥᠷᠥᠭᠡ ᠲᠠᠢ ᠪᠠᠶᠢᠵᠤ᠂ ᠨᠣᠮ ᠦᠵᠡᠬᠦ᠂ ᠰᠣᠨᠢᠨ ᠦᠵᠡᠬᠦ᠂ ᠰᠤᠷᠤᠯᠴᠠᠬᠤ᠂ ᠵᠢᠷᠤᠭ ᠵᠢᠷᠤᠬᠤ ᠵᠡᠷᠭᠡ ᠪᠠᠶᠢᠨ᠎ᠠ᠃ ᠨᠠᠰᠤᠲᠠᠶᠢᠴᠤᠤᠡ ᠠᠳᠡ ᠰᠡᠳᠬᠢᠯ ᠰᠠᠨᠠᠭ᠎ᠠ ᠪᠠᠨ ᠰᠤᠯᠠᠷᠠᠭᠤᠯᠵᠤ ᠪᠣᠯᠬᠤ ᠪᠠᠷ ᠪᠠᠷᠠᠬᠤ ᠥᠬᠡᠶ ᠪᠠᠰᠠ ᠥᠪᠡᠷ ᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠴᠢᠳᠠᠨ᠎ᠠ᠃ ︽ᠡᠨᠡ ᠬᠦ ︿ᠬᠡᠷ ᠤᠨ ᠡᠭᠦᠳᠡ﹀᠎ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠦᠨᠡᠬᠡᠷ ᠰᠠᠶᠢᠨ᠂ ᠴᠡᠪᠡᠷ ᠴᠡᠮᠴᠡᠭᠡ᠊᠂ ᠲᠥᠬᠦᠭᠡᠷᠦᠮᠵᠢ ᠪᠦᠷᠢᠨ ᠭᠦᠢᠴᠡᠤᠡ ᠪᠠᠶᠢᠵᠤ᠂ ᠪᠠᠰᠠ ᠲᠣᠭᠤᠭᠠᠨ ᠬᠡᠷ ᠳᠣᠭᠢᠷᠠᠭᠤᠯᠵᠤ᠂ ᠨᠠᠰᠤᠲᠠᠶᠢᠴᠤᠳ ᠤᠨ ︿ᠬᠤᠭᠤᠯᠠ ᠢᠳᠡᠬᠦ ᠳᠤ ᠬᠦᠴᠢᠷᠲᠡᠶ ᠪᠠᠶᠢᠬᠤ﹀ ᠠᠰᠠᠭᠤᠳᠠᠯ ᠢ ᠰᠢᠢᠤᠡᠪᠤᠷᠢᠯᠡᠪᠡ᠃ ᠪᠢ ᠠᠳᠡ ᠮᠠᠰᠢ ᠣᠯᠠᠨ ᠰᠢᠨ᠎ᠡ ᠨᠠᠶᠢᠵᠠ ᠲᠠᠢ ᠪᠣᠯᠵᠤ᠂ ᠡᠳᠦᠷ ᠪᠦᠷᠢ ᠣᠯᠠᠨ ᠢᠶᠠᠷ ᠢᠶᠠᠨ ᠪᠣᠯᠪᠠᠰᠤᠷᠠᠯ ᠬᠢᠵᠦ᠂ ᠰᠢᠲᠠᠷ᠎ᠠ ᠲᠠᠯᠪᠢᠨ᠂ ᠳᠠᠭᠤᠤ ᠳᠠᠭᠤᠯᠠᠵᠤ᠂ ᠪᠠᠶᠠᠷ ᠪᠠᠶᠠᠰᠤᠯ ᠲᠠᠢ ᠪᠠᠶᠢᠯ᠎ᠠ︾ ᠭᠡᠵᠤ ᠸᠠᠩ ᠶᠠᠨ ᠹᠧᠨ ᠨᠠᠰᠤᠲᠠᠨ ᠬᠡᠯᠡᠪᠡ᠃      ᠬᠠᠶᠢᠷᠤᠪ ᠤᠨ ᠲᠣᠬᠤᠢ ᠲᠣᠭᠤᠷᠢᠭ ᠳᠠᠪᠠᠭᠤᠯᠢᠭ ᠡᠬᠢ ᠪᠠᠶᠠᠯᠢᠭ ᠢᠶᠠᠨ ᠴᠥᠷᠬᠡᠯᠡᠨ ᠨᠢᠭᠡᠳᠬᠡᠬᠦ ᠪᠠᠷ ᠳᠠᠮᠵᠢᠨ᠂ ︽ᠨᠢᠭᠡ ᠥᠷᠲᠡᠭᠡ ᠮᠠᠶ᠋ᠢᠭ ᠤᠨ ᠤᠶᠢᠯᠡᠴᠢᠯᠡᠭᠡ︾᠎ ᠶᠢᠨ ᠨᠠᠰᠤᠵᠢᠯ ᠤᠨ ᠰᠢᠨ᠎ᠡ ᠵᠠᠭᠪᠤᠷ ᠢ ᠪᠣᠶ ᠪᠣᠯᠭᠠᠵᠤ᠂ ᠨᠠᠰᠤᠲᠠᠶᠢᠴᠤᠳ ᠢ ᠥᠲᠡᠯᠪᠡᠯ ᠲᠦᠰᠢᠭ ᠲᠠᠢ᠂ ᠥᠲᠡᠯᠪᠡᠯ ᠲᠤᠰᠠᠯᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ ᠪᠣᠯᠭᠠᠵᠤ᠂ ᠨᠠᠰᠤᠲᠠᠶᠢᠴᠤᠳ ᠤᠨ ᠵᠣᠯ ᠵᠢᠷᠭᠠᠯᠲᠤ ᠦᠳᠡᠯᠤᠭᠡ ᠨᠠᠰᠤᠨ ᠤ ᠠᠮᠢᠳᠤᠷᠠᠯ ᠢ ᠦᠨᠡᠨᠬᠦ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号