ᠯᠠᠨᠵᠧᠦ ᠶᠢᠨ ᠴᠢᠳᠠᠪᠤᠷᠢᠲᠠᠨ ᠤᠷᠢᠬᠤ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/3/15
      2023 ᠣᠨ ᠤ 3 ᠰᠠᠷ᠎ᠠ ᠶᠢᠨ 11᠎ ᠤ ᠡᠳᠦᠷ ᠠᠴᠠ 12᠎ ᠤᠨ ᠡᠳᠦᠷ ᠪᠣᠯᠲᠠᠯ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠠᠶᠢᠷᠤᠪ ᠤᠨ ᠲᠤᠬᠤᠢ ᠲᠣᠭᠤᠷᠢᠭ ᠤᠨ ᠵᠢᠶᠠᠨ ᠯᠦᠩ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠸᠠᠨ ᠲᠧᠩ᠂ ᠬᠠᠳᠤᠨ ᠭᠤᠣᠯ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠵᠢᠩ ᠶᠦᠨ ᠲᠦᠩ ᠰᠢᠨ᠎ᠡ ᠮᠠᠲ᠋ᠧᠷᠢᠶᠠᠯ ᠵᠡᠷᠭᠡ 12 ᠠᠵᠤ ᠠᠬᠤᠶᠢᠯᠠᠯ ᠢ ᠳᠠᠭᠠᠭᠤᠯᠤᠨ ᠭᠠᠨᠰᠦ ᠮᠤᠵᠢ ᠶᠢᠨ ᠯᠠᠨᠵᠧᠦ ᠬᠤᠳᠠ ᠳᠤ ᠬᠦᠷᠴᠦ ᠠᠵᠢᠯᠳᠠᠨ ᠡᠯᠰᠡᠬᠦ ᠠᠵᠢᠯᠯᠠᠭ᠎ᠠ ᠳᠤ ᠣᠷᠣᠯᠴᠠᠪᠠ᠃      ᠠᠵᠤ ᠠᠬᠤᠶᠢᠯᠠᠯ ᠨᠡᠶᠢᠲᠡ 107 ᠠᠵᠢᠯ ᠤᠨ ᠪᠠᠶᠢᠷᠢ ᠬᠠᠩᠭᠠᠵᠤ᠂ ᠠᠵᠢᠯᠴᠢᠨ ᠬᠡᠷᠡᠭᠯᠡᠬᠦ ᠬᠡᠷᠡᠭᠴᠡᠭᠡ 1173 ᠬᠥᠮᠦᠨ ᠪᠠᠶᠢᠪᠠ᠃ ᠭᠠᠨᠰᠦ ᠮᠤᠵᠢ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠯᠠᠨᠵᠧᠦ ᠡᠬᠢ ᠪᠠᠶᠠᠯᠢᠭ ᠤᠨ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠶᠡᠭᠡ ᠰᠤᠷᠭᠠᠭᠤᠯᠢ᠂ ᠯᠠᠨᠵᠧᠦ ᠶᠡᠭᠡ ᠰᠤᠷᠭᠠᠭᠤᠯᠢ ᠳᠤ ᠬᠦᠷᠴᠦ ᠠᠵᠢᠯᠳᠠᠨ ᠡᠯᠰᠡᠬᠦ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠠᠢ ᠳᠤ 520 ᠬᠥᠮᠦᠨ ᠯᠠᠪᠯᠠᠨ ᠠᠰᠠᠭᠤᠵᠤ᠂ 276 ᠬᠦᠮᠤᠨ ᠲᠣᠪᠴᠢ ᠨᠠᠮᠲᠠᠷ ᠢᠶᠠᠨ ᠦᠭᠴᠤ᠂ 63 ᠬᠥᠮᠦᠨ ᠲᠠᠢ ᠰᠠᠨᠠᠮᠵᠢ ᠲᠣᠭᠲᠠᠪᠠ᠃      ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠨᠢ ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠶᠢᠯᠠᠯ ᠤᠨ ᠴᠢᠳᠠᠪᠤᠷᠢᠲᠠᠨ ᠢ ᠤᠷᠢᠬᠤ᠂ ᠴᠢᠳᠠᠪᠤᠷᠢᠲᠠᠨ ᠢ ᠨᠥᠭᠡᠴᠡᠯᠡᠬᠦ ᠶᠢ ᠰᠢᠢᠳᠪᠤᠷᠢᠯᠡᠬᠦ᠂ ᠠᠵᠤ ᠠᠬᠤᠶᠢᠯᠠᠯ ᠤᠨ ᠡᠷᠡᠭᠦᠯ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠠᠶᠢᠨ ᠰᠠᠶᠢᠬᠠᠨ ᠠᠬᠢᠭᠤᠯᠬᠤ ᠤᠶᠢᠯᠡᠳᠤᠯ ᠦᠵᠡᠭᠦᠯᠪᠡ᠃

1678756731322097162.png

1678756718266054265.png

1678756726901035174.png

   

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号