ᠬᠠᠶᠢᠷᠤᠪ ᠤᠨ ᠲᠣᠬᠤᠶ ᠲᠣᠭᠤᠷᠢᠭ ᠨᠠᠰᠤᠵᠢᠯ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠪᠠᠨ ᠦᠷᠭᠦᠯᠵᠢᠯᠡᠨ ᠪᠦᠷᠢᠨᠰᠢᠭᠦᠯᠤᠨ᠎ᠡ
ᠨᠡᠶᠢᠲᠡᠯᠡᠭᠰᠡᠨ ᠴᠠᠭ᠄
2023/3/15
      ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠪᠣᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠃ ᠣᠶᠢᠷ᠎ᠠ ᠶᠢᠨ ᠵᠢᠯ ᠳᠤ᠂ ᠬᠠᠶᠢᠷᠤᠪ ᠤᠨ ᠲᠣᠬᠤᠶ ᠲᠣᠭᠤᠷᠢᠭ ᠨᠠᠰᠤᠵᠢᠯ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠪᠠᠨ ᠦᠷᠭᠦᠯᠵᠢᠯᠡᠨ ᠪᠦᠷᠢᠨᠰᠢᠭᠦᠯᠵᠦ᠂ ᠤᠶᠢᠯᠡᠴᠢᠯᠡᠭᠡᠨ ᠤ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠴᠢᠳᠠᠪᠤᠷᠢᠲᠠᠨ ᠤ ᠨᠥᠭᠡᠴᠡ ᠪᠠᠨ ᠴᠢᠩᠭᠠᠳᠬᠠᠵᠤ᠂ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠦᠳᠡᠯᠪᠡᠯ ᠲᠦᠰᠢᠭ ᠲᠠᠢ᠂ ᠥᠲᠡᠯᠪᠡᠯ ᠪᠠᠶᠠᠷ ᠲᠠᠢ᠂ ᠥᠲᠡᠯᠪᠡᠯ ᠠᠮᠤᠷ ᠠᠮᠤᠭᠤᠯᠠᠩ ᠲᠠᠢ ᠪᠣᠯᠭᠠᠪᠠ᠃      ᠬᠠᠶᠢᠷᠤᠪ ᠤᠨ ᠲᠣᠬᠤᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ — ᠢ ᠾᠧ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠥᠪ ᠢ ᠡᠨᠡ ᠵᠢᠯ ᠰᠠᠶ᠋ᠢᠬᠠᠨ ᠪᠠᠶᠢᠭᠤᠯᠵᠤ ᠠᠰᠢᠭᠯᠠᠯᠲᠠ ᠳᠤ ᠣᠷᠣᠵᠤ᠂ ᠡᠨᠡᠬᠦ ᠨᠠᠰᠤᠲᠠᠨ ᠢ ᠠᠰᠠᠷᠠᠬᠤ ᠬᠦᠷᠢᠶᠡᠯᠡᠩ᠂ ᠡᠮ ᠡᠮᠨᠡᠯᠭᠡ ᠶᠢᠨ ᠪᠠᠶᠢᠭᠤᠯᠤᠮᠵᠢ ᠪᠣᠯᠤᠨ ᠰᠤᠪᠢᠯᠠᠯᠲᠠ ᠶᠢᠨ ᠬᠦᠷᠢᠶᠡᠯᠡᠩ ᠢ ᠨᠢᠭᠡ ᠴᠣᠭᠴᠠᠵᠢᠭᠤᠯᠤᠭᠰᠠᠨ ᠨᠡᠶᠢᠯᠡᠮᠡᠯ ᠬᠡᠯᠪᠡᠷᠢ ᠶᠢᠨ ᠨᠢᠭᠡ ᠥᠷᠲᠡᠭᠡ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠴᠤᠭᠴᠠ ᠶᠢᠨ ᠳᠣᠲᠣᠷ᠎ᠠ᠂ ᠡᠷᠭᠢᠨ ᠲᠣᠭᠤᠷᠢᠨ ᠤ ᠨᠠᠰᠤᠲᠠᠶᠢᠴᠤᠳ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ᠂ ᠦᠰᠦ ᠵᠠᠰᠠᠬᠤ᠂ ᠬᠤᠭᠤᠯᠠ ᠢᠳᠡᠬᠦ ᠵᠡᠷᠭᠡ ᠬᠡᠳᠦᠨ ᠠᠷᠪᠠᠨ ᠵᠦᠢᠯ ᠤᠨ ᠤᠶᠢᠯᠡᠴᠢᠯᠡᠭᠡ ᠬᠦᠷᠲᠡᠵᠦ᠂ ᠪᠠᠰᠠ ᠲᠤᠰᠬᠠᠶ ᠮᠡᠷᠭᠡᠵᠢᠯ ᠤᠨ ᠡᠮ ᠡᠮᠨᠡᠯᠭᠡ ᠡᠷᠡᠭᠦᠯᠵᠢᠯ ᠤᠨ ᠤᠶᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ︽ᠭᠡᠷ ᠤᠨ ᠡᠭᠦᠳᠡ︾ ᠶᠢᠨ ᠨᠠᠰᠤᠵᠢᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃      ᠴᠢᠨᠠᠷ ᠰᠠᠶᠢᠲᠠᠢ ᠡᠷᠡᠭᠦᠯᠵᠢᠯ ᠤᠨ ᠵᠠᠰᠠᠯ ᠲᠤ ᠤᠶᠤᠨᠴᠢᠯᠠᠭᠰᠠᠨ ᠡᠷᠡᠭᠦᠯᠵᠢᠯ ᠤᠨ ᠲᠥᠬᠦᠭᠡᠷᠦᠮᠵᠢ ᠳᠤᠲᠠᠭᠳᠠᠵᠤ ᠪᠤᠯᠤᠰᠢ ᠦᠭᠡᠢ᠃ ᠢ ᠾᠧ ᠨᠠᠰᠤᠲᠠᠨ ᠠᠰᠠᠷᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠡᠭᠦᠯᠵᠢᠯ ᠤᠨ ᠵᠠᠰᠠᠯᠲᠠ ᠶᠢᠨ ᠲᠢᠩᠬᠢᠮ ᠳᠤ ᠡᠯ᠎ᠡ ᠵᠦᠢᠯ ᠤᠨ ᠡᠷᠡᠭᠦᠯᠵᠢᠯ ᠤᠨ ᠲᠥᠬᠦᠭᠡᠷᠦᠮᠵᠢ ᠶᠢ ᠲᠡᠷᠢ ᠲᠡᠭᠰᠢ ᠲᠠᠯᠪᠢᠵᠤ᠂ ᠴᠥᠭᠡᠨ ᠪᠤᠰᠤ ᠨᠠᠰᠤᠲᠠᠶᠢᠴᠤᠳ ᠠᠳᠡ ᠡᠷᠡᠭᠦᠯᠵᠢᠯ ᠤᠨ ᠡᠮᠴᠢᠯᠡᠭᠡ ᠬᠢᠵᠤ ᠪᠠᠶᠢᠨ᠎ᠠ᠃ ᠨᠠᠰᠤᠲᠠᠶᠢᠴᠤᠳ ᠲᠤ ᠡᠮᠨᠡᠯᠭᠡ ᠳᠤ ᠰᠠᠭᠤᠬᠤ ᠭᠠᠷ ᠭᠦᠢᠴᠡᠳᠬᠡᠯ ᠬᠢᠯᠭᠡᠬᠦ ᠳᠤ ᠡᠮ ᠡᠮᠨᠡᠯᠭᠡ ᠶᠢᠨ ᠳᠠᠭᠠᠳᠬᠠᠯ ᠤᠨ ᠺᠠᠷᠲ ᠢᠶᠠᠷ ᠳ᠋ᠦᠩᠨᠡᠨ ᠪᠣᠳᠣᠵᠤ ᠪᠣᠯᠤᠨ᠎ᠠ᠂ ᠡᠭᠦᠨ ᠤ ᠬᠠᠮᠲᠤ ᠭᠡᠷ ᠪᠦᠯᠢ ᠪᠠ ᠲᠥᠷᠥᠯ ᠰᠠᠳᠤᠨ ᠤ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠬᠠᠮᠲᠤ ᠳᠤ ᠪᠠᠨ ᠬᠦᠷᠲᠡᠵᠦ ᠴᠤ ᠪᠣᠯᠤᠨ᠎ᠠ᠃      ᠨᠠᠰᠤᠲᠠᠳ ᠢ ᠠᠰᠠᠷᠠᠬᠤ ᠶᠡᠷᠦᠩᠭᠡᠶᠢᠯᠡᠭᠰᠡᠨ ᠦᠢᠯᠡᠴᠢᠯᠡᠭᠡ ᠶᠢᠨ ᠲᠦᠪ ᠲᠤ᠂ ᠨᠠᠰᠤᠲᠠᠶᠢᠴᠤᠳ ᠤᠨ ᠲᠠᠭᠠᠰᠢᠶᠠᠯ ᠢ ᠣᠯᠵᠤ  ᠪᠠᠶᠢᠭ᠎ᠠ ᠨᠢ ᠹᠢᠽᠢᠺ ᠵᠠᠰᠠᠯᠭ᠎ᠠ ᠶᠢᠨ ᠦᠢᠯᠡᠴᠢᠯᠡᠬᠦ ᠠᠵᠢᠯᠯᠠᠭ᠎ᠠ ᠶᠦᠮ᠃ ᠠᠳᠡ ᠥᠷᠨᠢᠭᠦᠯᠦᠭᠰᠡᠨ ᠹᠢᠽᠢᠺ ᠵᠠᠰᠠᠯ ᠤᠨ ᠲᠥᠷᠥᠯ ᠵᠦᠢᠯ ᠳᠤ ᠵᠡᠭᠦᠦ ᠲᠥᠭᠡᠨᠡᠯᠭᠡ᠂ ᠢᠯᠢᠬᠦ ᠵᠠᠰᠠᠯᠳᠠ᠂ ᠬᠥᠯ ᠤᠬᠢᠶᠠᠯ᠂ ᠡᠮ ᠤᠨ ᠤᠬᠢᠶᠠᠯ ᠵᠡᠷᠭᠡ ᠪᠠᠶᠢᠵᠤ᠂ ᠠᠳᠠᠯᠢ ᠪᠤᠰᠤ ᠨᠠᠰᠤᠲᠠᠶᠢᠴᠤᠳ ᠤᠨ ᠪᠡᠶ᠎ᠡ ᠶᠢᠨ ᠬᠡᠷᠡᠭᠴᠡᠭᠡ ᠶᠢ ᠬᠠᠩᠭᠠᠵᠤ ᠴᠢᠳᠠᠨ᠎ᠠ᠃ ᠡᠭᠦᠨ ᠤ ᠬᠠᠮᠲᠤ᠂ ᠠᠳᠡ ᠪᠠᠰᠠ ᠬᠢᠲᠠᠳ ᠡᠮᠨᠡᠯᠭᠡ ᠶᠢᠨ ᠡᠮᠴᠢ ᠶᠢᠨ ᠦᠢᠯᠡᠴᠢᠯᠡᠭᠡ ᠪᠠᠶᠢᠨ᠎ᠠ᠃ ᠡᠭᠦᠨ ᠠᠴᠠ ᠭᠠᠳᠠᠨ᠎ᠠ᠂ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠪᠠᠰᠠ ᠤᠷᠠᠨ ᠪᠢᠴᠢᠯᠭᠡ ᠶᠢᠨ ᠥᠷᠥᠭᠡ ᠲᠠᠢ ᠪᠠᠶᠢᠵᠤ᠂ ᠨᠣᠮ ᠦᠵᠡᠬᠦ᠂ ᠰᠣᠨᠢᠨ ᠦᠵᠡᠬᠦ᠂ ᠰᠤᠷᠤᠯᠴᠠᠬᠤ᠂ ᠵᠢᠷᠤᠭ ᠵᠢᠷᠤᠬᠤ ᠵᠡᠷᠭᠡ ᠪᠠᠶᠢᠨ᠎ᠠ᠃ ᠨᠠᠰᠤᠲᠠᠶᠢᠴᠤᠤᠡ ᠠᠳᠡ ᠰᠡᠳᠬᠢᠯ ᠰᠠᠨᠠᠭ᠎ᠠ ᠪᠠᠨ ᠰᠤᠯᠠᠷᠠᠭᠤᠯᠵᠤ ᠪᠣᠯᠬᠤ ᠪᠠᠷ ᠪᠠᠷᠠᠬᠤ ᠥᠬᠡᠶ ᠪᠠᠰᠠ ᠥᠪᠡᠷ ᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠴᠢᠳᠠᠨ᠎ᠠ᠃ ︽ᠡᠨᠡ ᠬᠦ ︿ᠬᠡᠷ ᠤᠨ ᠡᠭᠦᠳᠡ﹀ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠦᠨᠡᠬᠡᠷ ᠰᠠᠶᠢᠨ᠂ ᠴᠡᠪᠡᠷ ᠴᠡᠮᠴᠡᠭᠡ᠊᠂ ᠲᠥᠬᠦᠭᠡᠷᠦᠮᠵᠢ ᠪᠦᠷᠢᠨ ᠭᠦᠢᠴᠡᠤᠡ ᠪᠠᠶᠢᠵᠤ᠂ ᠪᠠᠰᠠ ᠲᠣᠭᠤᠭᠠᠨ ᠬᠡᠷ ᠳᠣᠭᠢᠷᠠᠭᠤᠯᠵᠤ᠂ ᠨᠠᠰᠤᠲᠠᠶᠢᠴᠤᠳ ᠤᠨ ︿ᠬᠤᠭᠤᠯᠠ ᠢᠳᠡᠬᠦ ᠳᠤ ᠬᠦᠴᠢᠷᠲᠡᠶ ᠪᠠᠶᠢᠬᠤ﹀ ᠠᠰᠠᠭᠤᠳᠠᠯ ᠢ ᠰᠢᠢᠤᠡᠪᠤᠷᠢᠯᠡᠪᠡ᠃ ᠪᠢ ᠠᠳᠡ ᠮᠠᠰᠢ ᠣᠯᠠᠨ ᠰᠢᠨ᠎ᠡ ᠨᠠᠶᠢᠵᠠ ᠲᠠᠢ ᠪᠣᠯᠵᠤ᠂ ᠡᠳᠦᠷ ᠪᠦᠷᠢ ᠣᠯᠠᠨ ᠢᠶᠠᠷ ᠢᠶᠠᠨ ᠪᠣᠯᠪᠠᠰᠤᠷᠠᠯ ᠬᠢᠵᠦ᠂ ᠰᠢᠲᠠᠷ᠎ᠠ ᠲᠠᠯᠪᠢᠨ᠂ ᠳᠠᠭᠤᠤ ᠳᠠᠭᠤᠯᠠᠵᠤ᠂ ᠪᠠᠶᠠᠷ ᠪᠠᠶᠠᠰᠤᠯ ᠲᠠᠢ ᠪᠠᠶᠢᠯ᠎ᠠ︾ ᠭᠡᠵᠤ ᠸᠠᠩ ᠶᠠᠨ ᠹᠧᠨ ᠨᠠᠰᠤᠲᠠᠨ ᠬᠡᠯᠡᠪᠡ᠃      ᠬᠠᠶᠢᠷᠤᠪ ᠤᠨ ᠲᠣᠬᠤᠢ ᠲᠣᠭᠤᠷᠢᠭ ᠳᠠᠪᠠᠭᠤᠯᠢᠭ ᠡᠬᠢ ᠪᠠᠶᠠᠯᠢᠭ ᠢᠶᠠᠨ ᠴᠥᠷᠬᠡᠯᠡᠨ ᠨᠢᠭᠡᠳᠬᠡᠬᠦ ᠪᠠᠷ ᠳᠠᠮᠵᠢᠨ᠂ ︽ᠨᠢᠭᠡ ᠥᠷᠲᠡᠭᠡ ᠮᠠᠶ᠋ᠢᠭ ᠤᠨ ᠤᠶᠢᠯᠡᠴᠢᠯᠡᠭᠡ︾ ᠶᠢᠨ ᠨᠠᠰᠤᠵᠢᠯ ᠤᠨ ᠰᠢᠨ᠎ᠡ ᠵᠠᠭᠪᠤᠷ ᠢ ᠪᠣᠶ ᠪᠣᠯᠭᠠᠵᠤ᠂ ᠨᠠᠰᠤᠲᠠᠶᠢᠴᠤᠳ ᠢ ᠥᠲᠡᠯᠪᠡᠯ ᠲᠦᠰᠢᠭ ᠲᠠᠢ᠂ ᠥᠲᠡᠯᠪᠡᠯ ᠲᠤᠰᠠᠯᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ ᠪᠣᠯᠭᠠᠵᠤ᠂ ᠨᠠᠰᠤᠲᠠᠶᠢᠴᠤᠳ ᠤᠨ ᠵᠣᠯ ᠵᠢᠷᠭᠠᠯᠲᠤ ᠦᠳᠡᠯᠤᠭᠡ ᠨᠠᠰᠤᠨ ᠤ ᠠᠮᠢᠳᠤᠷᠠᠯ ᠢ ᠦᠨᠡᠨᠬᠦ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号