︽3.15︾᠂ ᠬᠠᠶᠢᠷᠤᠪ ᠤᠨ ᠲᠣᠬᠤᠶ ᠲᠤᠭᠤᠷᠢᠭ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/3/16
      ᠬᠠᠷᠢᠶ᠎ᠠ ᠣᠷᠣᠨ ᠤ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠪᠥᠭᠡᠳ ᠡᠷᠡᠭᠦᠯ ᠬᠡᠷᠡᠭᠯᠡᠭᠡᠨ ᠤ ᠦᠵᠡᠯᠲᠡ ᠲᠠᠢ ᠪᠣᠯᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠲᠣᠰ ᠪᠡᠶ᠎ᠡ ᠶᠢᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠡᠶ ᠬᠡᠷᠡᠭᠯᠡᠭᠡᠨ ᠤ ᠣᠷᠴᠢᠨ ᠲᠤᠭᠤᠷᠢᠨ ᠎ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠵᠢᠶᠠ ᠶᠤᠸᠠᠨ ᠨᠡᠶᠢᠭᠡᠮ ᠲᠣᠭᠤᠷᠢᠭ ᠦᠬᠠᠢ ᠪᠠᠩᠬᠢ ᠲᠠᠢ ᠬᠠᠮᠲᠤᠷᠠᠨ ︽3 · 15︾᠎ ᠤ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠮᠥᠩᠭᠦᠨ ᠭᠦᠢᠯᠭᠡᠭᠡᠨ ᠤ ᠮᠡᠬᠡᠯᠡᠯ ᠢ ᠡᠰᠡᠷᠭᠦᠴᠡᠬᠦ ᠬᠠᠤᠯᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠶ ᠶᠢᠨ ᠲᠠᠯᠠᠪᠤᠷ ᠲᠤ ᠪᠠᠶᠢᠭ᠎ᠠ ᠰᠠᠭᠤᠭᠠᠯᠢ ᠠᠷᠠᠳ ᠲᠤ ᠬᠠᠭᠤᠷᠮᠠᠭ ᠢ ᠢᠯᠭᠠᠨ ᠲᠠᠨᠢᠬᠤ᠂ ᠬᠠᠭᠤᠷᠮᠠᠭ ᠢ ᠰᠡᠷᠭᠡᠶᠢᠯᠡᠬᠦ ᠶᠢ ᠲᠥᠪᠯᠡᠷᠡᠭᠦᠯᠦᠨ ᠤᠬᠠᠭᠤᠯᠪᠠ  ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠤᠤᠯ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠲᠤ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠲᠠᠯ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠰᠠᠭᠤᠭᠠᠯᠢ ᠠᠷᠠᠳ ᠤᠨ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠥᠷᠭᠡᠨ ᠣᠯᠠᠨ ᠰᠠᠭᠤᠭᠠᠯᠢ ᠠᠷᠠᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠠᠮᠤᠷ ᠲᠦᠪᠰᠢᠨ᠂ ᠰᠠᠨᠠᠭ᠎ᠠ ᠠᠮᠤᠷ᠂ ᠡᠷᠡᠭᠦᠯ᠂ ᠡᠶ᠎ᠡ ᠵᠣᠬᠢᠴᠠᠯ ᠲᠠᠢ ᠬᠡᠷᠡᠭᠯᠡᠭᠡᠨ ᠤ ᠣᠷᠴᠢᠨ ᠲᠤᠭᠤᠷᠢᠨ ᠢ ᠪᠣᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠵᠢᠶᠠ ᠶᠤᠸᠠᠨ ᠨᠡᠶᠢᠭᠡᠮ ᠲᠣᠭᠤᠷᠢᠭ ᠤᠨ ᠬᠢᠨ ︽3 · 15︾᠎ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠷᠡᠭᠯᠡᠭᠡᠨ ᠤ ᠢᠲᠡᠭᠡᠯ ᠵᠣᠷᠢᠭ ᠢ ᠨᠢ ᠬᠥᠪᠴᠢᠯᠡᠵᠦ᠂ ᠦᠨᠡᠨᠴᠢ ᠢᠲᠡᠭᠡᠮᠵᠢᠲᠡᠢ ᠡᠶ᠎ᠡ ᠵᠣᠬᠢᠴᠠᠩᠭᠤᠢ ᠬᠡᠷᠡᠭᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠰᠠᠭᠤᠭᠠᠯᠢ ᠠᠷᠠᠳ ᠢ ᠰᠠᠨᠠᠭ᠎ᠠ ᠠᠮᠤᠷ ᠬᠤᠳᠠᠯᠳᠤᠨ ᠠᠪᠤᠭᠤᠯᠵᠤ᠂ ᠲᠤᠬᠢᠷᠠᠮᠵᠢᠲᠠᠢ ᠬᠤᠳᠠᠯᠳᠤᠨ ᠠᠪᠤᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠡᠶ᠎ᠡ ᠵᠣᠬᠢᠴᠠᠩᠭᠤᠢ ᠲᠣᠭᠲᠠᠭᠤᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃

 

微信图片_20230316110440.jpg

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号