ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ 2023 ᠣᠨ ᠤ ᠦᠬᠠᠢ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠠᠩᠬᠢ ᠳᠤ ᠣᠷᠣᠯᠴᠠᠪᠠ
ᠨᠡᠶᠢᠲᠡᠯᠡᠭᠰᠡᠨ ᠴᠠᠭ᠄
2023/3/17
      ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠷᠮᠠᠰᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ᠂ ᠭᠤᠶᠤᠴᠢᠯᠠᠨ ᠮᠡᠳᠡᠭᠦᠯᠬᠦ᠂ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠮᠠᠨ ᠤ ᠲᠣᠪᠴᠢᠶ᠎ᠠ 2023 ᠣᠨ ᠤ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠠᠩᠭᠢ ᠵᠢᠴᠢ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠣᠯᠪᠠᠰᠤᠷᠠᠯ ᠤᠨ ᠠᠩᠭᠢ ᠳᠤ ᠣᠷᠣᠯᠴᠠᠪᠠ᠃      ᠬᠤᠷᠠᠯ ᠳᠡᠭᠡᠷ᠎ᠡ ᠲᠦᠷᠦᠯ ᠵᠦᠢᠯ ᠢ ᠭᠤᠶᠤᠴᠢᠯᠠᠨ ᠮᠡᠳᠡᠭᠦᠯᠬᠦ᠂ ᠰᠢᠯᠭᠠᠨ ᠠᠪᠬᠤ ᠶᠠᠪᠤᠴᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠪᠢᠴᠢᠭ᠂ ᠡᠭᠦᠷᠭᠡ ᠶᠢᠨ ᠪᠢᠴᠢᠭ᠂ ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ᠂ ᠰᠢᠯᠭᠠᠨ ᠠᠪᠤᠭᠰᠠᠨ ᠮᠡᠳᠡᠭᠦᠯᠦᠯᠲᠡ ᠶᠢ ᠲᠠᠭᠯᠠᠨ ᠪᠢᠴᠢᠬᠦ ᠱᠠᠭᠠᠷᠳᠠᠯᠭ᠎ᠠ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠪᠡ︔ ᠬᠤᠷᠠᠯ ᠤᠨ ᠳᠠᠷᠠᠭᠠᠬᠢ ᠮᠠᠳᠠᠭ ᠲᠠᠢ ᠠᠰᠠᠭᠤᠳᠠᠯ ᠢ ᠬᠠᠷᠢᠭᠤᠯᠬᠤ ᠭᠤᠭᠴᠤᠭ᠎ᠠ ᠳᠤ᠂ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠢᠳᠡᠪᠬᠢᠲᠡᠢ ᠪᠠᠷ ᠠᠰᠠᠭᠤᠯᠲᠠ ᠠᠰᠠᠭᠤᠵᠠᠢ᠃      ᠲᠣᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠨᠢ ᠮᠠᠨ ᠤ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ ᠵᠡᠷᠭᠡ ᠠᠵᠢᠯ ᠤᠨ ᠤᠯᠠᠮ ᠨᠢᠭᠡ ᠠᠯᠬᠤᠮ ᠵᠢᠷᠤᠮᠵᠢᠭᠤᠯᠤᠨ ᠰᠢᠯᠢᠳᠡᠭᠵᠢᠭᠦᠯᠬᠦ ᠳᠤ ᠤᠷᠤᠭᠰᠢᠯᠠᠬᠤ ᠴᠢᠭᠯᠡᠯ ᠬᠠᠩᠭᠠᠵᠤ᠂ ᠠᠵᠤ ᠠᠬᠤᠶᠢᠯᠠᠯ ᠤᠨ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠎ ᠢᠶᠠᠨ ᠭᠤᠶᠤᠴᠢᠯᠠᠨ ᠬᠡᠷᠡᠭᠵᠢᠭᠦᠯᠬᠦ ᠳᠤ ᠮᠠᠰᠢ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号