ᠬᠠᠶᠢᠷᠤᠪ ᠤᠨ ᠲᠤᠬᠤᠢ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ 2022 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/17
      3 ᠰᠠᠷ᠎ᠠ ᠶᠢᠨ 15᠎ ᠤ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠨᠠᠮ ᠤᠨ ᠡᠭᠦᠷ 2022 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠨᠠᠮ ᠤᠨ ᠡᠭᠦᠷ ᠤᠨ ᠱᠦᠵᠢ᠂ ᠲᠣᠪᠴᠢᠶᠠᠨ ᠳᠠᠷᠤᠭ᠎ᠠ ᠯᠢ ᠯᠸᠢ ᠨᠥᠬᠦᠷ ᠬᠤᠷᠠᠯ ᠢ ᠡᠷᠬᠢᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠬᠤᠸᠠᠩ ᠬᠠᠢ ᠶᠠᠨ ᠨᠥᠬᠦᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠠᠴᠠ ᠡᠮᠦᠨ᠎ᠡ᠂ ᠲᠣᠪᠴᠢᠶᠠᠨ ᠤ ᠨᠠᠮ ᠤᠨ ᠡᠭᠦᠷ ᠲᠤᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠨ ᠰᠠᠶᠢᠲᠤᠷ ᠬᠤᠷᠠᠯᠳᠤᠭᠤᠯᠬᠤ ᠲᠤᠬᠠᠢ ᠨᠠᠷᠢᠨ ᠨᠢᠭᠲᠠ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠡᠳᠬᠢᠯ ᠤᠨ ᠦᠭᠡ ᠪᠠᠨ ᠶᠠᠷᠢᠯᠴᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠤᠪᠤᠶᠢᠮ᠎ᠠ ᠠᠰᠠᠭᠤᠳᠠᠯ ᠎ ᠢᠶᠠᠨ ᠪᠠᠶᠢᠴᠠᠭᠠᠨ ᠳᠡᠯᠭᠡᠵᠦ᠂ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠨ ᠰᠠᠶᠢᠲᠤᠷ ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠵᠠᠢ᠃      ᠬᠤᠷᠠᠯ ᠳᠡᠭᠡᠷ᠎ᠡ᠂ 2022 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠪᠠᠶᠢᠳᠠᠯ ᠢᠶᠠᠨ ᠮᠡᠳᠡᠭᠳᠡᠪᠡ᠃ ᠯᠢ ᠯᠸᠢ ᠨᠥᠬᠦᠷ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠡᠭᠦᠷ ᠤᠨ ᠭᠡᠰᠢᠭᠦᠨ ᠢᠶᠠᠨ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠳᠡᠰ ᠳᠠᠷᠠᠭᠠᠯᠠᠨ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢᠶᠠᠨ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠵᠦ᠂ ᠦᠵᠡᠯ ᠰᠠᠨᠠᠭ᠎ᠠ ᠪᠠᠨ ᠨᠢᠭᠡᠳᠬᠡᠬᠦ᠂ ᠪᠦᠯᠬᠦᠮᠳᠡᠯ ᠢᠶᠠᠨ ᠴᠢᠩᠭᠠᠳᠬᠠᠬᠤ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃      ᠬᠠᠶᠢᠷᠤᠪ ᠤᠨ ᠲᠤᠬᠤᠢ ᠲᠣᠭᠤᠷᠢᠭ ᠤᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠬᠤᠸᠠᠩ ᠬᠠᠢ ᠶᠠᠨ ᠨᠥᠬᠦᠷ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠤᠲᠠᠯᠠᠵᠤ᠂ ᠳᠠᠷᠠᠭᠠᠴᠢ ᠶᠢᠨ ᠠᠯᠬᠤᠮ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠂ ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠤᠡᠬᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ᠂ ᠱᠦᠵᠢ ᠶᠢᠨ ᠲᠥᠷᠥᠯ ᠵᠤᠶᠢᠯ ᠪᠠ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠵᠡᠷᠭᠡ ᠭᠤᠤᠯᠳᠠᠯᠭ᠎ᠠ ᠲᠠᠢ ᠠᠵᠢᠯ ᠢᠶᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠦᠨ᠎ᠡ᠃ ᠬᠤᠶᠠᠷ ᠲᠤ᠂ ᠨᠠᠮ ᠤᠨ ᠡᠭᠦᠷ ᠤᠨ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠳᠠᠮᠵᠢᠭᠤᠯᠤᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠤ ᠲᠥᠪ ᠴᠢᠩᠭ᠎ᠠ ᠬᠠᠨᠳᠤᠵᠤ᠂ ᠨᠠᠮ ᠤᠨ ᠲᠦᠷᠢᠮ ᠤᠨ ᠰᠢᠨ᠎ᠡ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ ᠭᠤᠷᠪᠠᠨ ᠬᠤᠷᠠᠯ ᠪᠠ ᠭᠤᠤᠯ ᠰᠡᠳᠦᠪᠲᠦ ᠨᠠᠮ ᠤᠨ ᠡᠳᠦᠷ ᠢᠶᠠᠨ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠭᠡᠰᠢᠭᠦᠨ ᠨᠥᠬᠦᠳ ᠢ ᠨᠠᠮ ᠤᠨ ᠡᠭᠦᠷ ᠤᠨ ᠲᠣᠭᠤᠷᠢᠨ ᠳᠤ ᠪᠦᠯᠬᠦᠮᠳᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠨᠠᠮ ᠤᠨ ᠡᠭᠦᠷ ᠤᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠨᠠᠮ ᠤᠨ ᠡᠭᠦᠷ ᠤᠨ ᠬᠠᠮᠤᠭ ᠤᠨ ᠲᠤᠪᠤᠶᠢᠮ᠎ᠠ ᠠᠰᠠᠭᠤᠳᠠᠯ ᠢᠶᠠᠨ ᠰᠠᠶᠢᠲᠤᠷ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ ᠭᠡᠪᠡ᠃    ᠯᠢ ᠯᠧᠢ ᠨᠥᠬᠦᠷ ᠳ᠋ᠦᠩᠨᠡᠯᠲᠡ ᠶᠢᠨ ᠶᠠᠷᠢᠶᠠᠨ ᠳᠠᠭᠠᠨ᠂ ᠨᠠᠮ ᠤᠨ ᠡᠭᠦᠷ ᠤᠨ ᠭᠡᠰᠢᠭᠦᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠴᠢᠳᠠᠪᠬᠢ ᠪᠠᠨ ᠦᠨᠡᠨ ᠬᠦ ᠭᠦᠢᠴᠡᠳᠬᠡᠵᠦ᠂ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠮᠠᠨ ᠤ ᠲᠤᠪᠴᠢᠶ᠎ᠠ ᠶᠢᠨ ᠨᠠᠮ ᠤᠨ ᠡᠭᠦᠷ ᠤᠨ ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠨ ᠠᠬᠢᠭᠤᠯᠬᠤ ᠬᠡᠷᠡᠭᠲᠡᠢ᠃ ᠪᠦᠬᠦ ᠨᠠᠮ ᠤᠨ ᠭᠡᠰᠢᠭᠦᠨ ᠡᠨᠡ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠎ ᠢᠶᠠᠨ ᠦᠨᠡᠨ ᠬᠦ ᠴᠢᠩᠳᠠᠯᠠᠵᠤ᠂ ᠲᠦᠷᠢᠮ ᠲᠣᠭᠲᠠᠭᠠᠯ ᠪᠣᠯᠤᠨ ᠶᠣᠰᠣ ᠲᠦᠷᠢᠮ ᠢ ᠲᠣᠭᠲᠠᠭᠠᠵᠤ᠂ ᠰᠢᠯᠢᠳᠡᠭ ᠨᠠᠮ ᠤᠨ ᠭᠡᠰᠢᠭᠦᠨ ᠤ ᠲᠡᠷᠢᠭᠦᠨ ᠤ ᠲᠤᠷᠰᠢᠯᠭ᠎ᠠ ᠎ ᠪᠠᠨ ᠰᠤᠷᠤᠯᠴᠠᠨ ᠲᠤᠯᠢᠳᠠᠵᠤ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠬᠦ ᠬᠡᠷᠡᠭᠲᠡᠢ᠃ ᠡᠬᠡ ᠲᠠᠩᠰᠠ ᠪᠠᠶᠢᠭᠤᠯᠵᠤ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠤᠷᠤᠭᠰᠢᠲᠠᠶ ᠥᠷᠨᠢᠭᠦᠯᠬᠦ ᠪᠠᠷ ᠳᠠᠮᠵᠢᠭᠤᠯᠤᠨ᠂ ᠮᠠᠨ ᠤ ᠲᠣᠪᠴᠢᠶ᠎ᠠ ᠶᠢᠨ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨᠠᠨ ᠪᠤᠳᠤᠬᠤ ᠲᠤᠪᠴᠢᠶ᠎ᠠ ᠶᠢᠨ ᠨᠠᠮ ᠤᠨ ᠡᠭᠦᠷ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ ᠦᠵᠡᠯ ᠰᠠᠨᠠᠭᠠᠨ ᠤ ᠲᠠᠯ᠎ᠠ ᠪᠠᠷ ᠰᠡᠷᠭᠡᠭ ᠪᠠᠶᠢᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠢᠭᠡᠳᠦᠯᠲᠡᠢ ᠪᠠᠶᠢᠬᠤ ᠶᠢ ᠪᠡᠶᠡᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠤᠡᠬᠠᠬᠤ ᠬᠡᠷᠡᠭᠲᠡᠢ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号