ᠬᠠᠶᠢᠷᠤᠪ ᠤᠨ ᠲᠣᠬᠤᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠭ᠎ᠠ ᠶᠢᠨ ᠲᠣᠪᠴᠢᠶ᠎ᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/2
      ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠬᠦ ᠶᠢᠨ ᠲᠦᠯᠤᠭᠡ᠂ ᠣᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠭ᠎ᠠ ᠶᠢᠨ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ᠂ ᠴᠠᠯᠢᠩ ᠵᠢᠴᠢ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ᠃       ᠪᠣᠯᠪᠠᠰᠤᠷᠠᠭᠤᠯᠤᠯ ᠤᠨ ᠬᠤᠷᠠᠯ ᠨᠢ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠨ ᠤ ᠮᠡᠳᠡᠭᠦᠯᠦᠯᠲᠡ ᠶᠢ ᠲᠠᠭᠯᠠᠨ ᠪᠢᠴᠢᠬᠦ ᠶᠢᠨ ᠴᠢᠬᠤᠯᠠ ᠴᠢᠨᠠᠷ ᠢ ᠴᠢᠬᠤᠯᠠᠴᠢᠯᠠᠬᠤ ᠶᠢᠨ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠤᠨ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠠᠵᠢᠯ ᠳᠤ ᠲᠣᠬᠢᠷᠠᠭᠤᠯᠤᠯᠲᠠ ᠬᠢᠵᠦ᠂ ᠮᠡᠳᠡᠭᠦᠯᠦᠯᠲᠡ ᠶᠢᠨ ᠬᠦᠰᠦᠨᠦᠭᠲᠦ ᠶᠢᠨ ᠠᠭᠤᠯᠭ᠎ᠠ ᠪᠠ ᠵᠥᠭᠡᠯᠡᠨ ᠲᠣᠨᠤᠭ ᠤᠨ ᠠᠵᠢᠯᠯᠠᠭ᠎ᠠ ᠳᠤ ᠲᠠᠶᠢᠯᠤᠮᠵᠢ ᠬᠢᠵᠦ ᠦᠵᠡᠭᠦᠯᠬᠦ ᠪᠣᠯᠣᠨ᠎ᠠ᠃ ᠡᠯ᠎ᠡ ᠨᠢᠭᠡᠴᠡ ᠶᠢ ᠴᠠᠭ ᠲᠤᠬᠠᠢ ᠳᠤᠨᠢ ᠵᠥᠪ ᠣᠨᠣᠪᠴᠢᠲᠠᠶ ᠲᠠᠭᠯᠠᠨ ᠮᠡᠳᠡᠭᠦᠯᠬᠦ ᠶᠢᠨ ᠬᠠᠮᠲᠤ ᠰᠢᠰᠲ᠋ᠧᠮ ᠵᠢᠴᠢ ᠳᠡᠭᠡᠳᠦ ᠱᠠᠲᠤᠨ ᠤ ᠵᠢᠭᠠᠪᠤᠷᠢ ᠶᠣᠰᠣᠭᠠᠷ᠂ ᠣᠨ ᠤ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠲᠠᠯ᠎ᠠ ᠪᠠᠷ ᠭᠠᠷᠴᠤ ᠮᠡᠳᠡᠬᠦ ᠠᠰᠠᠭᠤᠳᠠᠯ ᠳᠤ ᠭᠤᠣᠯᠳᠠᠯᠭ᠎ᠠ ᠲᠠᠢ ᠲᠠᠶᠢᠯᠤᠮᠵᠢ ᠬᠢᠬᠦ ᠶᠢ ᠱᠠᠭᠠᠷᠳᠠᠪᠠ᠃      ᠬᠤᠷᠠᠯ ᠳᠡᠭᠡᠷ᠎ᠡ ᠪᠠᠰᠠ ᠲᠠᠩᠰᠠ ᠡᠪᠬᠡᠮᠡᠯ ᠢ ᠡᠮᠬᠢᠯᠡᠬᠦ᠂ ᠲᠠᠩᠰᠠ ᠡᠪᠬᠡᠮᠡᠯ ᠳᠤ ᠣᠷᠣᠭᠤᠯᠬᠤ᠂ ᠬᠠᠳᠠᠭᠠᠯᠠᠬᠤ ᠵᠡᠷᠭᠡ ᠲᠠᠯ᠎ᠠ ᠶᠢᠨ ᠮᠡᠳᠡᠯᠭᠡ ᠵᠢᠴᠢ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠠᠤᠯᠢ ᠶᠢ ᠵᠥᠷᠢᠴᠡᠭᠰᠡᠨ᠂ ᠲᠣᠭᠲᠠᠭᠠᠯ ᠢ ᠵᠥᠷᠢᠴᠡᠭᠰᠡᠨ ᠬᠡᠷᠡᠭ ᠤᠨ ᠵᠢᠱᠢᠶ᠎ᠡ ᠶᠢ ᠲᠠᠨᠢᠯᠴᠠᠭᠤᠯᠪᠠ᠃ ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠨᠢ ᠡᠯ᠎ᠡ ᠨᠢᠭᠡᠴᠡ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠤ ᠬᠠᠷᠢᠭᠤᠴᠠᠯᠭ᠎ᠠ ᠶᠢᠨ ᠤᠬᠠᠮᠰᠠᠷ ᠢ ᠪᠣᠶ ᠪᠣᠯᠭᠠᠵᠤ᠂ ᠲᠠᠩᠰᠠ ᠡᠪᠬᠡᠮᠡᠯ ᠤᠨ ᠠᠵᠢᠯ ᠤᠨ ᠬᠠᠮᠢᠶᠠᠷᠤᠯᠲᠠ ᠶᠢᠨ ᠵᠢᠷᠦᠮᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ  ᠪᠤᠯᠤᠨ᠎ᠠ᠃

     ᠲᠤᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠡᠯ᠎ᠡ ᠨᠢᠭᠡᠴᠡ ᠶᠢᠨ ᠬᠢᠨ ᠬᠠᠮᠢᠶ᠎ᠠ ᠪᠦᠬᠦᠢ ᠲᠥᠷᠥ ᠶᠢᠨ

ᠪᠣᠳᠣᠯᠭ᠎ᠠ ᠪᠠ ᠳᠦᠷᠢᠮ ᠢ ᠤᠯᠠᠮ ᠴᠢᠨᠠᠭᠰᠢᠳᠠ ᠰᠤᠷᠤᠯᠴᠠᠵᠤ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ

ᠨᠢᠭᠡᠴᠡ ᠶᠢᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠡᠯ᠎ᠡ

ᠨᠢᠭᠡᠴᠡ ᠳᠤ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ

ᠲᠠᠨᠢᠭᠤᠯᠵᠤ᠂ ᠲᠤᠭ᠎ᠠ ᠪᠦᠷᠢᠳᠬᠡᠯ ᠤᠨ ᠪᠠᠷᠢᠮᠵᠢᠶ᠎ᠠ᠂ ᠭᠦᠢᠴᠡᠳᠬᠡᠯ ᠲᠤᠭ᠎ᠠ ᠶᠢᠨ ᠲᠠᠶᠢᠯᠪᠤᠷᠢᠯᠠᠯᠲᠠ ᠵᠢᠴᠢ ᠵᠥᠭᠡᠯᠡᠨ

ᠲᠣᠨᠤᠭ ᠤᠨ ᠰᠢᠰᠲ᠋ᠧᠮ ᠤᠨ ᠬᠡᠷᠡᠭᠯᠡᠯᠲᠡ ᠶᠢᠨ ᠬᠠᠮᠢᠶ᠎ᠠ ᠪᠦᠬᠦᠢ ᠮᠡᠳᠡᠯᠭᠡ ᠶᠢ ᠡᠵᠡᠮᠰᠢᠭᠦᠯᠦᠨ᠂ ᠲᠤᠭ᠎ᠠ

ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠶᠢᠷᠤᠪ ᠤᠨ

ᠲᠤᠬᠤᠢ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠲᠤᠭ᠎ᠠ ᠪᠠᠷᠢᠮᠲᠠ ᠶᠢᠨ

ᠶᠠᠰᠤ ᠴᠢᠨᠠᠷ ᠢ ᠳᠡᠭᠡᠭᠰᠢᠯᠡᠭᠦᠯᠦᠨ᠂ ᠣᠨ ᠤ ᠮᠡᠳᠡᠭᠦᠯᠦᠯᠲᠡ ᠶᠢᠨ ᠠᠵᠢᠯ ᠢ ᠴᠠᠭ ᠲᠤᠬᠠᠢ ᠳᠤᠨᠢ ᠴᠢᠨᠠᠷ ᠪᠠ ᠲᠤᠭ᠎ᠠ

ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号