ᠡᠮᠴᠢᠯᠡᠭᠡ ᠶᠢᠨ ᠪᠠᠲᠤᠯᠠᠭ᠎ᠠ ᠶᠢᠨ ᠰᠢᠨ᠎ᠡ ᠬᠤᠪᠢᠷᠠᠯᠲᠠ︕
ᠨᠡᠶᠢᠲᠡᠯᠡᠭᠰᠡᠨ ᠴᠠᠭ᠄
2023/3/2
      ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠳᠠᠭᠠᠳᠬᠠᠯ ᠳᠤ ᠣᠷᠣᠯᠴᠠᠭᠰᠠᠳ ᠤᠨ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠪᠠᠲᠤᠯᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠰᠢᠨ᠎ᠡ ᠬᠡᠪᠯᠡᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠨᠢᠭᠡᠳᠦᠯᠲᠡᠶ ᠬᠡᠷᠡᠭᠵᠢᠭᠦᠯᠦᠨ᠎ᠡ᠃     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠡᠷᠡᠭᠵᠢᠭᠦᠯᠦᠭᠰᠡᠨ ᠰᠢᠨ᠎ᠡ ᠬᠡᠪᠯᠡᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠨᠢ ︽ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2022 ᠣᠨ︶︾ ᠪᠠᠶᠢᠵᠤ᠂ ᠨᠡᠶᠢᠲᠡ 111 ᠡᠮ ᠲᠠᠩ ᠰᠢᠨ᠎ᠡ ᠪᠠᠷ ᠨᠡᠮᠡᠭᠳᠡᠵᠦ᠂ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ 3 ᠪᠢᠴᠢᠭ ᠤᠨ ᠳ᠋ᠤᠭᠠᠷ ᠢ ᠬᠦᠴᠦᠨ ᠥᠬᠡᠶ ᠪᠣᠯᠭᠠᠭᠰᠠᠨ ᠡᠮ ᠤᠨ ᠵᠦᠢᠯ ᠢ ᠭᠠᠷᠴᠠᠭ ᠠᠴᠠ ᠭᠠᠷᠭᠠᠵᠤ᠂ ᠬᠡᠯᠡᠯᠴᠡᠭᠡᠷ ᠪᠠ ᠦᠨ᠎ᠡ ᠦᠷᠢᠰᠦᠯᠳᠦᠬᠦ ᠳᠤ ᠰᠢᠨ᠎ᠡ ᠪᠠᠷ ᠵᠥᠪᠰᠢᠶᠡᠷᠡᠨ ᠣᠷᠣᠭᠤᠯᠤᠭᠰᠠᠨ ᠡᠮ ᠤᠨ ᠵᠦᠢᠯ ᠤᠨ ᠦᠨ᠎ᠡ ᠬᠠᠩᠰᠢ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ 60.1%᠎ ᠳᠤ ᠬᠦᠷᠴᠡᠶ᠃ ᠤᠯᠤᠰ ᠤᠨ ᠰᠢᠨ᠎ᠡ ᠬᠡᠪᠯᠡᠯ ᠤᠨ ᠡᠮ ᠲᠠᠩ ᠤᠨ ᠭᠠᠷᠴᠠᠭ ᠤᠨ ᠳᠣᠲᠣᠷᠠᠬᠢ ᠡᠮ ᠤᠨ ᠶᠡᠷᠦᠩᠬᠡᠶ ᠲᠤᠭ᠎ᠠ 2967 ᠵᠦᠢᠯ ᠳᠤ ᠬᠦᠷᠴᠦ᠂ ᠡᠭᠦᠨ ᠳᠤ ᠧᠦ᠋ᠷᠣᠫᠠ ᠡᠮ 1586 ᠵᠦᠢᠯ ᠪᠠᠶᠢᠵᠤ᠂ ᠬᠢᠲᠠᠳ ᠡᠮ 1381 ᠵᠦᠢᠯ᠂ ᠬᠢᠲᠠᠳ ᠡᠮ ᠤᠨ ᠴᠢᠨᠠᠬᠤ ᠡᠮ ᠨᠢ ᠲᠣᠬᠢᠷᠠᠭᠤᠯᠤᠯᠲᠠ ᠬᠢᠭᠰᠡᠨ ᠦᠭᠡᠶ ᠪᠥᠭᠡᠳ ᠮᠥᠨ ᠬᠦ 892 ᠵᠦᠢᠯ ᠪᠤᠶ᠃    ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠰᠢᠨ᠎ᠡ ᠭᠠᠷᠴᠠᠭ ᠲᠤ ᠬᠠᠪᠤᠳᠠᠷ ᠢ ᠳᠠᠷᠤᠬᠤ᠂ ᠰᠢᠨ᠎ᠡ  ᠲᠢᠲᠢᠮᠯᠢᠭ ᠠᠭᠤᠰᠬᠢᠨ ᠦᠷᠪᠢᠰᠤᠯ ᠢ ᠵᠠᠰᠠᠬᠤ ᠡᠮ᠂ ᠬᠤᠪᠣᠷ ᠲᠣᠬᠢᠶᠠᠯᠳᠤᠬᠤ ᠡᠪᠡᠳᠴᠢᠨ ᠢ ᠡᠮᠨᠡᠨ ᠵᠠᠰᠠᠬᠤ ᠵᠡᠷᠭᠡ ᠬᠦᠷᠢᠶᠡᠨ ᠳᠠᠬᠢ ᠡᠮ ᠤᠨ ᠵᠦᠢᠯ ᠢ ᠣᠷᠣᠭᠤᠯᠵᠤ᠂ ᠰᠢᠬᠢᠷ ᠰᠢᠵᠢᠩ ᠡᠪᠡᠳᠴᠢᠨ᠂ ᠤᠳᠠᠭᠠᠨ ᠰᠠᠭᠠᠳ ᠲᠠᠢ ᠠᠭᠤᠰᠬᠢ ᠵᠡᠷᠭᠡ ᠤᠳᠠᠭᠠᠨ ᠴᠢᠨᠠᠷᠲᠠᠢ ᠡᠪᠡᠳᠴᠢᠨ ᠤ ᠬᠦᠷᠢᠶᠡᠨ ᠳᠠᠬᠢ ᠵᠠᠷᠢᠮ ᠡᠮ ᠤᠨ ᠵᠦᠢᠯ ᠢ ᠴᠦ ᠣᠷᠣᠭᠤᠯᠤᠭᠰᠠᠨ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠤᠯ ᠤᠨ ᠡᠮᠴᠢᠯᠡᠭᠡᠨ ᠳᠤ ᠬᠡᠷᠡᠭᠯᠡᠬᠦ ᠡᠮ ᠤᠨ ᠲᠠᠯ᠎ᠠ ᠪᠠᠷ᠂ ᠠᠽᠹ ᠤᠨ ᠲᠣᠭᠲᠠᠮᠠᠯ ᠬᠠᠪᠲᠠᠭᠠᠢ ᠦᠷᠢᠯ᠂ ᠬᠤᠣᠷ ᠢ ᠭᠠᠳᠠᠭᠰᠢᠯᠠᠭᠤᠯᠬᠤ ᠮᠥᠬᠦᠯᠢᠭ ᠨᠢ ᠰᠢᠨ᠎ᠡ ᠬᠡᠪ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠣᠷᠣᠭᠰᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号