ᠶᠡᠭᠡ ᠰᠤᠷᠭᠠᠭᠤᠯᠢ ᠶᠢᠨ ᠰᠢᠯᠭᠠᠯᠲᠠ ᠳᠤ ᠬᠤᠯᠪᠣᠭᠳᠠᠨ᠎ᠠ ︕ ᠬᠠᠶᠢᠷᠤᠪ ᠤᠨ ᠲᠣᠬᠤᠢ ᠴᠢᠬᠤᠯᠠ ᠠᠯᠪᠠᠨ ᠵᠠᠷ ᠨᠡᠶᠢᠲᠡᠯᠡᠪᠡ
ᠨᠡᠶᠢᠲᠡᠯᠡᠭᠰᠡᠨ ᠴᠠᠭ᠄
2023/3/2
           ᠵᠠᠷᠯᠠᠯᠬᠠᠶᠢᠷᠤᠪ ᠤᠨ ᠲᠣᠬᠤᠢ ᠲᠣᠭᠤᠷᠢᠭ ᠤᠨ ᠰᠢᠯᠭᠠᠭᠤᠯᠤᠭᠴᠢ ᠪᠣᠯᠣᠨ ᠭᠡᠷ ᠤᠨ ᠠᠬᠠᠮᠠᠳ ᠠᠩᠬᠠᠷᠤᠭᠠᠷᠠᠢ᠄     2023 ᠣᠨ ᠤ ᠬᠠᠶᠢᠷᠤᠪ ᠤᠨ ᠲᠣᠬᠤᠢ ᠲᠣᠭᠤᠷᠢᠭ ᠤᠨ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ 2023 ᠣᠨ ᠤ 3 ᠰᠠᠷ᠎ᠠ ᠶᠢᠨ 6 ᠎ ᠤ ᠡᠳᠦᠷ ᠠᠴᠠ 13 ᠎ ᠤ ᠡᠳᠦᠷ ᠪᠣᠯᠲᠠᠯ᠎ᠠ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃ ᠡᠭᠦᠨ ᠳᠤ 3 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠡ᠂ 12᠎ ᠤᠨ ᠡᠳᠦᠷ ᠤᠨ ᠦᠳᠡ ᠶᠢᠨ ᠡᠮᠦᠨ᠎ᠡ ᠰᠣᠷᠣᠭᠴᠢ ᠡᠯᠰᠡᠬᠦ ᠠᠯᠪᠠᠨ ᠭᠡᠷ ᠤᠨ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠳᠤ ᠪᠡᠶ᠎ᠡ ᠶᠢᠨ ᠪᠠᠶᠢᠴᠠᠭᠠᠯᠲᠠ ᠲᠣᠬᠢᠷᠠᠭᠤᠯᠵᠤ᠂ ᠦᠯᠡᠳᠡᠭᠰᠡᠨ ᠴᠠᠭ ᠎ ᠲᠤᠨᠢ ᠰᠤᠷᠭᠠᠭᠤᠯᠢ ᠶᠢᠨ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠳᠤ ᠪᠡᠶ᠎ᠡ ᠶᠢᠨ ᠪᠠᠶᠢᠴᠠᠭᠠᠯᠲᠠ ᠬᠢᠨ᠎ᠡ᠃    ᠪᠡᠶ᠎ᠡ ᠶᠢᠨ ᠪᠠᠶᠢᠴᠠᠭᠠᠯᠲᠠ ᠬᠢᠬᠦ ᠭᠠᠵᠠᠷ᠄    ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ    ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠬᠠᠷᠢᠯᠴᠠᠬᠤ        ᠤᠲᠠᠰᠤ᠄ 0473—3126083    ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠬᠠᠶ᠋ᠢᠭ᠄    ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠠᠰᠠᠷ    ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ                2023 ᠣᠨ ᠤ 3 ᠰᠠᠷ᠎ᠠ ᠶᠢᠨ 12᠎ ᠤ ᠡᠳᠤᠷ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号