ᠬᠠᠶᠢᠷᠤᠪ ᠤᠨ ᠲᠣᠬᠤᠢ ᠲᠣᠭᠤᠷᠢᠭ᠄ ︽ᠲᠠᠪᠤᠨ ᠠᠯᠬᠤᠮ ᠤᠨ ᠠᠷᠭ᠎ᠠ︾᠎ ᠪᠠᠷ ᠨᠢᠭᠡᠳᠦᠭᠡᠷ ᠹᠷᠣᠨᠲ ᠤᠨ ᠪᠠᠶᠢᠴᠠᠭᠠᠨ ᠰᠤᠳᠤᠯᠤᠯᠲᠠ ᠶᠢᠨ ᠠᠵᠢᠯ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2023/3/20
      ᠣᠶᠢᠷ᠎ᠠ ᠳᠤ᠂ ᠯᠢ ᠴᠢᠶᠠᠩ ᠶᠡᠷᠦᠩᠬᠡᠢ ᠰᠠᠶᠢᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠠᠭᠠᠨ᠄ ︽ᠠᠯᠪᠠᠨ ᠭᠡᠷ ᠲᠡᠭᠡᠨ ᠰᠠᠭᠤᠵᠤ ᠯᠡ ᠪᠠᠶᠢᠪᠡᠯ ᠪᠦᠷ ᠯᠡ ᠠᠰᠠᠭᠤᠳᠠᠯ᠂ ᠦᠨᠳᠦᠰᠦᠨ ᠱᠠᠲᠤᠨ ᠳᠤ ᠭᠦᠨᠵᠡᠭᠡᠶᠢᠷᠡᠵᠦ ᠣᠯᠵᠤ ᠦᠵᠡᠭᠰᠡᠨ ᠨᠢ ᠴᠥᠮ ᠠᠷᠭ᠎ᠠ ᠬᠡᠮᠵᠢᠶ᠎ᠡ ᠮᠥᠨ᠂ ᠭᠠᠷᠮᠠᠭᠠᠢ ᠭᠠᠷ ᠠᠷᠠᠳ ᠤᠨ ᠳᠤᠮᠳᠠ ᠪᠠᠶᠢᠨ᠎ᠠ︾ ᠭᠡᠵᠡᠢ᠃ ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠶᠡᠷᠦᠩᠬᠡᠢ ᠰᠠᠶᠢᠳ ᠯᠢ ᠴᠢᠶᠠᠩ ᠤᠨ ᠶᠠᠷᠢᠶᠠᠨ ᠤ ᠵᠣᠷᠢᠭ ᠰᠠᠨᠠᠭ᠎ᠠ ᠶᠢ ᠨᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠰᠢᠨ᠎ᠡ ᠶᠢ ᠡᠭᠦᠳᠬᠦ ᠪᠦᠲᠦᠭᠡᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠥᠷᠨᠢᠭᠦᠯᠬᠦ ᠲᠤᠬᠠᠢ ᠱᠠᠭᠠᠷᠳᠠᠯᠭ᠎ᠠ ᠲᠠᠢ ᠤᠶᠠᠯᠳᠤᠭᠤᠯᠤᠨ᠂ ᠵᠣᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ᠤᠨ ︽ᠠᠮᠠ ᠪᠠᠨ ᠬᠥᠳᠡᠯᠭᠡᠭᠦ᠂ ᠭᠠᠷ ᠢᠶᠠᠨ ᠬᠦᠳᠡᠯᠭᠡᠬᠦ᠂ ᠣᠶᠤᠨ ᠲᠠᠷᠢᠬᠢ ᠪᠠᠨ ᠬᠥᠳᠡᠯᠭᠡᠭᠦ  ᠵᠡᠷᠭᠡ ᠶᠢᠨ ᠶᠢᠨ ᠭᠤᠷᠪᠠ ᠶᠢ ᠳᠡᠭᠡᠭᠰᠢᠯᠡᠭᠦᠯᠬᠦ︾ ᠪᠠᠶᠢᠴᠠᠭᠠᠨ ᠰᠤᠳᠤᠯᠬᠤ ᠠᠵᠢᠯ ᠎ ᠢᠶᠠᠨ ᠰᠢᠨ᠎ᠡ ᠶᠢ ᠡᠭᠦᠳᠦᠨ ᠥᠷᠨᠢᠭᠦᠯᠵᠦ᠂ ︽ᠬᠠᠷᠢᠴᠠᠭᠤᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠬᠦ︾ ᠵᠣᠷᠢᠭ ᠰᠠᠨᠠᠭ᠎ᠠ ᠎ ᠪᠠᠨ ᠶᠡᠬᠡᠪᠡᠷ ᠪᠠᠳᠠᠷᠠᠭᠤᠯᠤᠨ᠂ ᠪᠠᠶᠢᠴᠠᠭᠠᠬᠤ᠂ ᠰᠣᠨᠣᠰᠬᠤ᠂ ᠶᠠᠷᠢᠯᠴᠠᠬᠤ᠂ ᠰᠤᠷᠪᠤᠯᠵᠢᠯᠠᠬᠤ᠂ ᠰᠤᠳᠤᠯᠬᠤ ︽ᠲᠠᠪᠤᠨ ᠠᠯᠬᠤᠮ ᠤᠨ ᠠᠵᠢᠯ ᠤᠨ ᠠᠷᠭ᠎ᠠ︾᠎ ᠶᠢ ᠬᠡᠷᠡᠭᠯᠡᠨ ᠨᠢᠭᠡᠳᠦᠭᠡᠷ ᠹᠷᠣᠨᠲ ᠤᠨ ᠪᠠᠶᠢᠴᠠᠭᠠᠨ ᠰᠤᠳᠤᠯᠬᠤ ᠠᠵᠢᠯ ᠢᠶᠠᠨ ᠦᠷᠨᠢᠭᠦᠯᠤᠨ᠎ᠡ᠃      ᠨᠢᠭᠡ ᠳᠤ᠂ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠨ᠎ᠡ᠃ ᠡᠯ᠎ᠡ ᠪᠠᠶᠢᠴᠠᠭᠠᠨ ᠰᠤᠳᠤᠯᠬᠤ ᠠᠵᠢᠯ ᠤᠨ ᠳᠤᠭᠤᠶᠢᠯᠠᠩ ᠤᠨ ᠬᠢᠨ ᠳᠤᠭᠤᠶᠢᠯᠠᠩ ᠬᠤᠪᠢᠶᠠᠭᠰᠠᠨ ᠲᠣᠬᠢᠷᠠᠭᠤᠯᠤᠯᠲᠠ ᠎ ᠪᠠᠨ ᠦᠨᠳᠦᠰᠦᠯᠡᠨ᠂ ᠳᠥᠷᠪᠡ ᠶᠢ ᠬᠡᠷᠡᠭᠵᠢᠭᠦᠯᠬᠦ ᠦᠭᠡᠢ ᠬᠤᠶᠠᠷ ᠲᠥᠪ ᠴᠢᠬᠡᠴᠢ ᠪᠠᠶᠢᠬᠤ ᠠᠷᠭ᠎ᠠ ᠬᠡᠯᠪᠡᠷᠢ ᠪᠠᠷ ᠲᠣᠰᠬᠤᠨ ᠤ ᠬᠠᠮᠲᠤ ᠶᠢᠨ ᠠᠵᠤ ᠠᠬᠤᠢ᠂ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠵᠢᠴᠢ ᠪᠤᠰᠤᠳ ᠠᠵᠢᠯ ᠤᠨ ᠡᠮᠦᠨ᠎ᠡ ᠹᠷᠣᠨᠲ ᠲᠤ ᠰᠢᠭᠤᠳ ᠬᠠᠶᠢᠨ ᠪᠠᠶᠢᠴᠠᠭᠠᠯᠲᠠ ᠬᠢᠬᠦ ᠪᠤᠶᠤ ᠰᠤᠯᠠ ᠰᠣᠨᠣᠰᠬᠤ ᠠᠵᠢᠯ ᠤᠨ ᠬᠠᠮᠢᠶ᠎ᠠ ᠪᠦᠬᠦᠢ ᠵᠣᠬᠢᠴᠠᠭᠤᠯᠬᠤ ᠬᠤᠷᠠᠯ᠂ ᠠᠬᠢᠭᠤᠯᠬᠤ ᠬᠤᠷᠠᠯ ᠳᠤ ᠰᠤᠯᠠ ᠣᠷᠣᠯᠴᠠᠵᠤ᠂ ᠠᠵᠢᠯ ᠤᠨ ᠠᠬᠢᠴᠠ ᠶᠢᠨ ᠪᠠᠶᠢᠳᠠᠯ ᠢ ᠨᠢ ᠴᠠᠭ ᠲᠤᠬᠠᠢ ᠎ ᠳᠤᠨᠢ ᠣᠶᠢᠯᠠᠭᠠᠵᠤ᠂ ᠡᠮᠦᠨ᠎ᠡ ᠹᠷᠣᠨᠲ ᠤᠨ ᠺᠠᠳ᠋ᠷ ᠤᠨ ᠠᠵᠢᠯ ᠤᠨ ᠳᠤᠮᠳᠠᠬᠢ ᠡᠭᠦᠷᠭᠡᠯᠡᠯ ᠤᠨ ᠦᠢᠯᠡ ᠠᠵᠢᠯᠯᠠᠭ᠎ᠠ ᠶᠢᠨ ᠪᠠᠶᠢᠳᠠᠯ ᠢ ᠨᠢ ᠡᠵᠡᠮᠳᠡᠪᠡ᠃      ᠬᠤᠶᠠᠷ ᠲᠤ᠂ ᠰᠠᠨᠠᠯ ᠰᠣᠨᠣᠰᠤᠨ᠎ᠠ᠃ ᠡᠯ᠎ᠡ ᠵᠦᠢᠯ ᠤᠨ ᠠᠵᠢᠯ ᠤᠨ ᠠᠬᠢᠴᠠ ᠪᠠᠨ ᠦᠨᠳᠦᠰᠦᠯᠡᠨ᠂ ᠠᠵᠢᠯ ᠨᠢ ᠢᠯᠡᠳᠲᠡ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠤᠭᠰᠠᠨ ᠪᠤᠶᠤ ᠠᠵᠢᠯ ᠤᠨ ᠡᠭᠦᠷᠭᠡ ᠨᠢ ᠨᠢᠭᠡ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠲᠣᠰ ᠨᠢᠭᠡᠳᠦᠭᠡᠷ ᠹᠷᠣᠨᠲ ᠤᠨ ᠠᠵᠢᠯ ᠳᠤ ᠣᠷᠣᠯᠴᠠᠭᠰᠠᠨ ᠺᠠᠳ᠋ᠷ ᠤᠨ ᠢᠯᠡᠷᠡᠯ ᠤᠨ ᠪᠠᠶᠢᠳᠠᠯ ᠢ ᠬᠤᠪᠢᠳᠠᠨ ᠬᠠᠮᠢᠶᠠᠷᠴᠤ ᠪᠦᠬᠦᠢ ᠰᠢᠶᠠᠨ ᠤ ᠱᠠᠲᠤᠨ ᠤ ᠤᠳᠤᠷᠢᠳᠤᠯᠭ᠎ᠠ᠂ ᠨᠢᠭᠡᠳᠦᠭᠡᠷ ᠹᠷᠣᠨᠲ ᠤᠨ ᠲᠦᠷᠦᠭᠦᠯᠡᠨ ᠬᠠᠷᠢᠭᠤᠴᠠᠬᠤ ᠨᠢᠭᠡᠴᠡ ᠪᠤᠶᠤ ᠬᠠᠷᠢᠭᠤᠴᠠᠯᠭᠠᠲᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠤ ᠰᠠᠨᠠᠯ ᠢ ᠨᠢ ᠬᠤᠷᠢᠶᠠᠵᠤ᠂ ᠨᠢᠭᠡᠳᠦᠭᠡᠷ ᠹᠷᠣᠨᠲ ᠤᠨ ᠠᠵᠢᠯ ᠳᠤ ᠣᠷᠣᠯᠴᠠᠭᠰᠠᠨ ᠺᠠᠳ᠋ᠷ ᠲᠤ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃      ᠭᠤᠷᠪᠠ ᠳᠤ᠂ ᠬᠤᠪᠢ ᠬᠥᠮᠥᠨ ᠤ ᠶᠠᠷᠢᠯᠴᠠᠭ᠎ᠠ᠃ ᠡᠮᠦᠨ᠎ᠡ ᠹᠷᠣᠨᠲ ᠤᠨ ᠺᠠᠳ᠋ᠷᠴᠤᠳ ᠤᠨ ᠳᠤᠮᠳᠠ ᠠᠴᠠ ᠶᠠᠷᠢᠯᠴᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ ᠭᠠᠷᠭᠠᠵᠤ᠂ ᠶᠠᠷᠢᠯᠴᠠᠬᠤ ᠪᠠᠷ ᠲᠠᠮᠵᠢᠨ ᠠᠵᠢᠯ ᠤᠨ ᠡᠮᠦᠨ᠎ᠡ ᠹᠷᠣᠨᠲ ᠲᠤ ᠲᠣᠪᠣᠶᠢᠮ᠎ᠠ ᠢᠯᠡᠷᠡᠯ ᠲᠠᠢ ᠺᠠᠳ᠋ᠷ ᠢ ᠨᠢ ᠣᠶᠢᠯᠠᠭᠠᠪᠠ᠃ ᠪᠣᠳᠠᠲᠠᠢ ᠭᠠᠵᠠᠷ ᠲᠤᠨᠢ ᠪᠠᠶᠢᠴᠠᠭᠠᠨ ᠣᠶᠢᠯᠠᠭᠠᠵᠤ ᠡᠵᠡᠮᠰᠢᠭᠰᠡᠨ ᠪᠠᠶᠢᠳᠠᠯ ᠲᠠᠢ ᠤᠶᠠᠯᠳᠤᠭᠤᠯᠤᠨ᠂ ᠨᠢᠭᠡᠳᠦᠭᠡᠷ ᠹᠷᠣᠨᠲ ᠤᠨ ᠰᠢᠯᠢᠳᠡᠭ ᠺᠠᠳ᠋ᠷᠴᠤᠳ ᠤᠨ ᠲᠣᠪᠣᠶᠢᠮ᠎ᠠ ᠣᠨᠴᠠᠯᠢᠭ᠂ ᠲᠣᠪᠣᠶᠢᠮ᠎ᠠ ᠴᠢᠳᠠᠪᠤᠷᠢ ᠪᠠ ᠲᠣᠪᠣᠶᠢᠮ᠎ᠠ ᠪᠣᠳᠠᠲᠤ ᠪᠦᠲᠦᠮᠵᠢ ᠶᠢ ᠨᠢ ᠭᠤᠣᠯᠳᠠᠯᠭ᠎ᠠ ᠲᠠᠢ ᠣᠶᠢᠯᠠᠭᠠᠵᠤ᠂ ᠬᠡᠷᠡᠭ ᠤᠨ ᠵᠢᠱᠢᠶ᠎ᠡ ᠲᠠᠢ᠂ ᠲᠤᠭ᠎ᠠ ᠪᠠᠷᠢᠮᠲᠠ ᠲᠠᠢ ᠪᠠᠶᠢᠬᠤ ᠶᠢ ᠨᠢ ᠪᠡᠶᠡᠯᠡᠭᠦᠯᠵᠦ᠂ ︽ᠪᠣᠳᠠᠲᠤ ᠠᠮᠵᠢᠯᠲᠠ︾᠎ ᠪᠠᠷ ᠶᠠᠷᠢᠯᠴᠠᠵᠤ᠂ ︽ᠬᠥᠮᠥᠨ ᠢ ᠦᠵᠡᠵᠦ ᠤᠴᠢᠷ ᠶᠠᠪᠤᠳᠠᠯ ᠢ ᠦᠵᠡᠬᠦ︾ ᠺᠠᠳ᠋ᠷ ᠤᠨ ᠮᠡᠳᠡᠭᠦᠯᠦᠯᠲᠡ ᠪᠠᠨ ᠪᠡᠶᠡᠯᠡᠭᠦᠯᠵᠦ᠂ ᠺᠠᠳ᠋ᠷᠴᠤᠳ ᠤᠨ ᠬᠥᠷᠥᠭ ᠢ ᠨᠢ ᠣᠨᠣᠪᠴᠢᠲᠠᠶ ᠵᠢᠷᠤᠬᠤ ᠬᠡᠷᠡᠭᠲᠡᠢ᠃      ᠳᠥᠷᠪᠡ ᠳᠤ᠂ ᠲᠣᠬᠢᠶᠠᠯᠳᠤᠯ ᠢᠶᠠᠷ ᠰᠤᠷᠪᠤᠯᠵᠢᠯᠠᠬᠤ᠃ ᠲᠠᠰᠢᠷᠠᠮ ᠢᠶᠠᠷ ᠰᠤᠷᠪᠤᠯᠵᠢᠯᠠᠬᠤ ᠬᠡᠯᠪᠡᠷᠢ ᠪᠠᠷ ᠠᠬᠢᠴᠠ ᠪᠠᠷ ᠲᠦᠷᠭᠡᠨ᠂ ᠦᠷ᠎ᠡ ᠪᠦᠲᠦᠮᠵᠢ ᠪᠠᠷ ᠰᠠᠶᠢᠨ ᠠᠵᠢᠯ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠵᠦ᠂ ᠠᠵᠢᠯ ᠤᠨ ᠠᠬᠢᠴᠠ ᠶᠢᠨ ᠪᠠᠶᠢᠳᠠᠯ ᠢ ᠨᠢ ᠪᠡᠶᠡᠴᠢᠯᠡᠨ ᠣᠶᠢᠯᠠᠭᠠᠵᠤ᠂ ᠤᠯᠠᠨ ᠲᠦᠮᠡᠨ ᠤ ᠡᠯ᠎ᠡ ᠵᠦᠢᠯ ᠤᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠪᠣᠯᠣᠨ ᠡᠮᠦᠨ᠎ᠡ ᠹᠷᠣᠨᠲ ᠤᠨ ᠺᠠᠳ᠋ᠷ ᠤᠨ ᠰᠤᠷᠲᠠᠯ ᠤᠨ ᠲᠤᠬᠠᠢ ᠦᠨᠡᠯᠡᠯᠲᠡ ᠶᠢ ᠰᠣᠨᠣᠰᠴᠤ᠂ ᠡᠳᠦᠷ ᠲᠤᠳᠤᠮ ᠤᠨ ᠡᠵᠡᠮᠰᠢᠵᠦ ᠪᠠᠶᠢᠭ᠎ᠠ ᠪᠠᠶᠢᠳᠠᠯ ᠲᠠᠢ ᠪᠠᠨ ᠬᠠᠷᠢᠯᠴᠠᠨ ᠭᠡᠷᠡᠴᠢᠯᠡᠨ᠎ᠡ᠃      ᠲᠠᠪᠤ ᠳᠤ᠂ ᠶᠠᠷᠢᠯᠴᠠᠵᠤ ᠰᠣᠯᠢᠯᠴᠠᠬᠤ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠲᠠᠷᠠᠭ᠎ᠠ᠂ ᠲᠤᠰ ᠰᠠᠷ᠎ᠠ ᠶᠢᠨ ᠨᠠᠮ ᠤᠨ ᠡᠭᠦᠷ ᠤᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠭᠦᠨ ᠨᠠᠷ ᠲᠤᠰ ᠰᠠᠷ᠎ᠠ ᠶᠢᠨ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠤᠨ ᠲᠤᠬᠠᠢ ᠦᠷ᠎ᠡ ᠪᠦᠲᠦᠭᠡᠯ ᠢᠶᠠᠨ ᠶᠠᠷᠢᠵᠤ᠂ ᠲᠤᠷᠰᠢᠯᠭ᠎ᠠ ᠪᠠᠨ ᠶᠠᠷᠢᠵᠤ᠂ ᠣᠯᠣᠯᠲᠠ ᠲᠥᠷᠥᠭᠳᠡᠯ ᠢᠶᠠᠨ ᠶᠠᠷᠢᠵᠤ᠂ ᠶᠠᠷᠢᠯᠴᠠᠨ ᠰᠣᠯᠢᠯᠴᠠᠬᠤ ᠬᠡᠯᠪᠡᠷᠢ ᠪᠠᠷ ᠲᠥᠪᠯᠡᠷᠡᠭᠦᠯᠦᠨ ᠶᠠᠷᠢᠯᠴᠠᠨ ᠰᠤᠷᠤᠯᠴᠠᠬᠤ ᠶᠢᠨ ᠬᠠᠮᠲᠤ ᠬᠤᠷᠠᠯ ᠤᠨ ᠲᠠᠷᠠᠭ᠎ᠠ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠᠨ ᠪᠦᠷᠢᠯᠳᠦᠭᠦᠯᠪᠡ᠃      ᠣᠳᠣᠬᠠᠨ ᠪᠣᠯᠲᠠᠯ᠎ᠠ᠂ ᠠᠵᠢᠯᠯᠠᠬᠤ ᠳᠤᠭᠤᠶᠢᠯᠠᠩ ᠤᠨ ᠬᠢᠨ ᠴᠡᠭᠡᠯ ᠠᠭᠤᠯᠠ ᠪᠠᠯᠭᠠᠰᠤ ᠶᠢᠨ 5 ᠲᠣᠰᠬᠤᠨ᠂ 3 ᠨᠡᠶᠢᠭᠡᠮ ᠲᠣᠭᠤᠷᠢᠭ᠂ 46 ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠦ᠂ ᠪᠠᠶᠢᠴᠠᠭᠠᠨ ᠰᠤᠳᠤᠯᠤᠯᠲᠠ ᠶᠢᠨ ᠠᠵᠢᠯ ᠤᠨ ᠪᠦᠬᠦ ᠶᠠᠪᠤᠴᠠ ᠶᠢᠨ ᠪᠣᠳᠠᠲᠤ ᠲᠡᠮᠳᠡᠭᠯᠡᠯ ᠬᠢᠵᠦ᠂ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠰᠢᠯᠢᠳᠡᠭ ᠡᠮᠦᠨ᠎ᠡ ᠹᠷᠣᠨᠲ ᠤᠨ ᠺᠠᠳ᠋ᠷ ᠪᠣᠯᠣᠨ ᠵᠠᠯᠠᠭᠤ ᠺᠠᠳ᠋ᠷ ᠲᠤ ᠪᠦᠬᠦ ᠶᠠᠪᠤᠴᠠ ᠶᠢᠨ ᠪᠣᠳᠠᠲᠤ ᠲᠡᠮᠳᠡᠭᠯᠡᠯ ᠤᠨ ᠲᠤᠰᠬᠠᠢ ᠲᠠᠩᠰᠠ ᠡᠪᠬᠡᠮᠡᠯ ᠪᠠᠶᠢᠭᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号