ᠬᠠᠶᠢᠷᠤᠪ ᠤᠨ ᠲᠤᠬᠤᠢ ᠲᠣᠭᠤᠷᠢᠭ ᠪᠦᠬᠦ ᠲᠤᠭᠤᠷᠢᠭ ᠤᠨ ᠺᠠᠳ᠋ᠷ ᠠᠵᠢᠯᠳᠠᠨ ᠠᠵᠢᠯᠴᠢᠨ ᠤ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/21
      ᠬᠠᠪᠤᠷ ᠤᠨ ᠤᠷᠢᠬᠠᠨ ᠬᠤᠭᠤᠴᠠᠭᠠᠨ ᠳᠤ ᠬᠠᠶᠢᠷᠤᠪ ᠤᠨ ᠲᠤᠬᠤᠢ ᠶᠢᠨ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠤᠳᠠ ᠶᠢᠨ ᠣᠷᠴᠢᠨ ᠲᠣᠭᠤᠷᠢᠨ ᠢᠶᠠᠨ ᠴᠢᠨᠠᠭᠰᠢᠳᠠ ᠭᠤᠶᠤᠵᠢᠭᠤᠯᠵᠤ᠂ ᠠᠮᠢ ᠠᠬᠤᠢ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠨ ᠪᠦᠳᠦᠭᠡᠨ ᠪᠠᠶᠢᠭᠤᠯᠬᠤ ᠶᠢᠨ ᠲᠥᠯᠥᠭᠡ᠂ 3 ᠰᠠᠷ᠎ᠠ ᠶᠢᠨ 19᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠪᠦᠬᠦ ᠲᠤᠭᠤᠷᠢᠭ ᠤᠨ ᠺᠠᠳ᠋ᠷ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠵᠤ ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠥᠷᠨᠢᠭᠦᠯᠵᠡᠢ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠠᠵᠢᠯᠯᠠᠭ᠎ᠠ ᠳᠤ ᠣᠷᠣᠯᠴᠠᠪᠠ᠃      ᠣᠯᠠᠨ ᠤ ᠴᠢᠷᠮᠠᠶᠢᠯᠭ᠎ᠠ ᠪᠠᠷ᠂ 210 ᠭᠠᠷᠤᠢ ᠵᠤᠯᠵᠠᠭ᠎ᠠ ᠮᠣᠳᠣ ᠶᠢ ᠲᠠᠷᠢᠵᠠᠶ᠃ ᠣᠶᠢᠯᠠᠭᠠᠭᠰᠠᠨ ᠢᠶᠠᠷ᠂ ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠪᠣᠬᠢᠷᠲᠤᠯ ᠦᠭᠡᠢ ᠬᠥᠭᠵᠢᠯᠲᠡ ᠶᠢᠨ ᠤᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠠᠵᠠᠷ ᠣᠷᠣᠨ ᠤ ᠣᠨᠴᠠᠯᠢᠭ ᠢᠶᠠᠨ ᠦᠨᠳᠦᠰᠦᠯᠡᠨ᠂ ᠴᠢᠨᠠᠷ ᠰᠠᠶᠢᠲᠠᠶ ᠴᠡᠴᠡᠷᠯᠢᠭ ᠤᠨ ᠨᠣᠭᠤᠭᠠᠨ ᠭᠠᠵᠠᠷ᠂ ᠬᠤᠲᠠ ᠶᠢᠨ ᠬᠡᠰᠡᠭ ᠤᠨ ᠣᠢ ᠵᠡᠷᠭᠡ ᠶᠢ ᠢᠳᠡᠪᠬᠢᠲᠡᠢ ᠪᠦᠲᠦᠭᠡᠨ ᠪᠠᠶᠢᠭᠤᠯᠵᠤ᠂ ᠨᠣᠭᠤᠭᠠᠷᠠᠭᠤᠯᠤᠯᠲᠠ ᠶᠢ ᠲᠦᠮᠡ ᠭᠤᠷᠪᠠᠨ ᠮᠢᠩᠭ᠎ᠠ ᠭᠠᠷᠤᠶ ᠮᠦ ᠪᠦᠷᠬᠦᠭᠦᠯᠵᠦ᠂ ᠰᠡᠭᠦᠯᠴᠢ ᠶᠢᠨ ᠬᠤᠭᠤᠴᠠᠭᠠᠨ ᠳᠤ ᠬᠠᠶᠢᠷᠤᠪ ᠤᠨ ᠲᠣᠬᠤᠢ ᠲᠣᠭᠤᠷᠢᠭ ᠪᠠᠰᠠ ᠣᠢ ᠮᠣᠳᠣ ᠶᠢ ᠬᠠᠮᠢᠶᠠᠷᠴᠤ ᠬᠠᠮᠠᠭᠠᠯᠠᠬᠤ ᠠᠵᠢᠯ ᠢᠶᠠᠨ ᠰᠠᠶᠢᠲᠤᠷ ᠬᠢᠵᠦ᠂ ᠣᠢ ᠮᠣᠳᠣ ᠶᠢ ︽ᠵᠠᠶᠢᠯᠠᠵᠤ ᠳᠡᠶᠢᠯᠬᠦ᠂ ᠰᠠᠶᠢᠲᠤᠷ ᠬᠠᠮᠢᠶᠠᠷᠬᠤ᠂ ᠬᠠᠮᠠᠭᠠᠯᠠᠵᠤ ᠳᠡᠶᠢᠯᠬᠦ︾᠎ ᠎ ᠪᠠᠨ ᠦᠨᠡᠨᠬᠦ ᠪᠠᠲᠤᠯᠠᠵᠤ᠂ ᠣᠶᠢᠵᠢᠭᠤᠯᠵᠤ ᠨᠣᠭᠤᠭᠠᠷᠠᠭᠤᠯᠬᠤ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃      ᠬᠥᠮᠦᠨ ᠪᠦᠬᠦᠨ ᠨᠣᠭᠤᠭᠠᠷᠠᠭᠤᠯᠤᠯᠲᠠ ᠶᠢ ᠬᠠᠶᠢᠷᠠᠯᠠᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠪᠣᠯᠪᠠᠰᠤᠨ ᠬᠡᠪ ᠰᠤᠷᠲᠠᠯ ᠢ ᠰᠠᠨᠠᠭᠠᠴᠢᠯᠠᠵᠤ᠂ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠤᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠥᠮᠦᠰ ᠮᠣᠳᠣ ᠲᠠᠷᠢᠵᠤ ᠣᠶᠢᠵᠢᠭᠤᠯᠬᠤ᠂ ᠡᠬᠡ ᠤᠯᠤᠰ ᠢᠶᠠᠨ ᠨᠣᠭᠤᠭᠠᠷᠠᠭᠤᠯᠬᠤ ᠬᠠᠷᠢᠭᠤᠴᠠᠯᠭ᠎ᠠ ᠶᠢᠨ ᠤᠬᠠᠮᠰᠠᠷ ᠎ ᠢᠶᠠᠨ ᠪᠤᠢ ᠪᠣᠯᠭᠠᠵᠤ᠂ ᠪᠦᠬᠦ ᠨᠡᠶᠢᠭᠡᠮ ᠤᠨ ᠤᠬᠠᠮᠰᠠᠷᠲᠤ ᠠᠵᠢᠯᠯᠠᠭ᠎ᠠ ᠶᠢ ᠪᠤᠢ ᠪᠣᠯᠭᠠᠵᠤ᠂ ᠨᠡᠩ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠬᠠᠶᠢᠷᠤᠪ ᠤᠨ ᠲᠤᠬᠤᠢ ᠢᠶᠠᠨ ᠬᠠᠮᠲᠤᠪᠠᠷ ᠪᠦᠳᠦᠭᠡᠨ ᠪᠠᠶᠢᠭᠤᠯᠬᠤ ᠪᠣᠯᠤᠨ᠎ᠠ᠃

20230320105211814001.png

20230320105231835.png

 

 

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号