ᠰᠢᠭᠤᠳ ᠨᠡᠪᠲᠡᠷᠡᠭᠦᠯᠭᠡ ᠪᠠᠷ ᠠᠵᠢᠯ ᠣᠯᠭᠤᠯᠲᠠ ᠪᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2023/3/21
      3 ᠰᠠᠷ᠎ᠠ ᠶᠢᠨ 16᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠠᠶᠢᠷᠤᠪ ᠤᠨ ᠲᠤᠬᠤᠢ ᠲᠣᠭᠤᠷᠢᠭ ᠤᠨ 2023 ᠣᠨ ᠤ ᠠᠩᠬᠠᠳᠠᠭᠴᠢ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠳᠠᠨ ᠡᠯᠰᠡᠬᠦ ᠬᠤᠷᠠᠯ ᠢ ᠠᠮᠵᠢᠯᠲᠠ ᠲᠠᠢ ᠡᠷᠬᠢᠯᠡᠪᠡ᠃ ᠬᠠᠮ ᠵᠠᠭᠤᠴᠢᠯᠠᠭᠤᠷ ᠤᠨ ᠲᠥᠪ ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠬᠠᠷᠢᠭᠤᠴᠠᠨ᠎ᠠ᠃ ᠡᠨᠡ ᠪᠣᠯ ᠮᠠᠨ ᠤ ᠲᠥᠪ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠬᠦ ᠵᠢᠴᠢ ᠭᠠᠳᠠᠭᠰᠢ ᠭᠠᠷᠴᠤ ᠪᠤᠰᠤᠳ ᠠᠶᠢᠮᠠᠭ ᠬᠤᠲᠠ ᠶᠢᠨ ᠠᠵᠢᠯᠲᠠᠨ ᠡᠯᠰᠡᠬᠦ ᠠᠵᠢᠯᠯᠠᠭ᠎ᠠ ᠶᠢ ᠥᠷᠨᠢᠭᠦᠯᠦᠭᠰᠡᠨ ᠤ ᠳᠠᠷᠠᠭᠠᠬᠢ ᠪᠠᠰᠠ ᠨᠢᠭᠡᠨ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠂ ᠲᠣᠭᠠᠴᠢᠯᠠᠭᠰᠠᠨ ᠰᠦᠯᠵᠢᠶᠡᠨ ᠤ ᠳᠠᠮᠵᠢᠭᠤᠯᠭ᠎ᠠ ᠶᠢᠨ ᠠᠷᠭ᠎ᠠ ᠮᠠᠶ᠋ᠢᠭ ᠢᠶᠠᠷ ᠠᠵᠢᠯᠲᠠᠨ ᠡᠯᠰᠡᠬᠦ ᠴᠤᠭᠯᠠᠭᠠᠨ ᠤ ᠨᠥᠯᠥᠭᠡᠯᠡᠬᠦ ᠬᠦᠴᠦᠨ ᠢᠶᠠᠨ ᠥᠷᠭᠡᠳᠬᠡᠵᠦ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠠᠮᠵᠢᠯᠲᠠ ᠶᠢᠨ ᠨᠣᠷᠮ᠎ᠠ ᠪᠠᠨ ᠨᠡᠮᠡᠭᠳᠡᠭᠦᠯᠦᠨ᠂ ᠡᠭᠦᠨ ᠤ ᠤᠯᠠᠮ ᠠᠴᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠠᠰᠠᠭᠤᠳᠠᠯ ᠢ ᠨᠠᠩ ᠪᠦᠲᠦᠮᠵᠢᠲᠡᠶ ᠨᠠᠮᠳᠠᠭᠤᠯᠵᠤ ᠪᠠᠶᠢᠭ᠎ᠠ ᠶᠠᠪᠤᠳᠠᠯ ᠪᠣᠯᠤᠨ᠎ᠠ᠃      ᠲᠣᠰ ᠤᠳᠠᠭᠠᠨ ᠤ ᠰᠢᠭᠤᠳ ᠨᠡᠪᠲᠡᠷᠡᠭᠦᠯᠭᠡ ᠳᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ 21 ᠪᠠᠶᠢᠵᠤ᠂ ᠵᠠᠰᠠᠭ ᠵᠠᠬᠢᠷᠭᠠᠨ ᠤ ᠬᠠᠮᠢᠶᠠᠷᠤᠯᠲᠠ᠂ ᠡᠳ᠋ ᠤᠨ ᠶᠠᠪᠤᠳᠠᠯ᠂ ᠬᠢᠮᠢ ᠶᠢᠨ ᠰᠢᠯᠭᠠᠯᠲᠠ᠂ ᠪᠣᠷᠣᠯᠠᠭᠤᠯᠭ᠎ᠠ ᠵᠡᠷᠭᠡ 124 ᠠᠵᠢᠯ ᠤᠨ ᠪᠠᠶᠢᠷᠢ ᠬᠠᠩᠭᠠᠵᠤ᠂ 755 ᠬᠥᠮᠦᠨ ᠤᠷᠢᠵᠤ ᠡᠯᠰᠡᠬᠦ ᠬᠡᠷᠡᠭᠴᠡᠭᠡ ᠱᠠᠭᠠᠷᠳᠠᠯᠭ᠎ᠠ ᠬᠠᠩᠭᠠᠵᠤ᠂ 2.6 ᠲᠦᠮᠡᠨ ᠬᠥᠮᠦᠨ ᠰᠢᠭᠤᠳ ᠨᠡᠪᠲᠡᠷᠡᠭᠦᠯᠭᠡ ᠶᠢ ᠰᠣᠨᠢᠷᠬᠠᠪᠠ᠃      ᠰᠢᠭᠤᠳ ᠨᠡᠪᠲᠡᠷᠡᠭᠦᠯᠭᠡ ᠪᠠᠷ ᠲᠠᠮᠵᠢᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠳᠤ ᠤᠬᠠᠭᠤᠯᠤᠨ ᠲᠠᠶᠢᠯᠤᠮᠵᠢ ᠬᠢᠭᠰᠡᠨ ᠪᠥᠭᠡᠳ ᠡᠯ᠎ᠡ ᠲᠥᠷᠥᠯ ᠤᠨ ᠭᠤᠤᠯᠳᠠᠯᠭ᠎ᠠ ᠲᠠᠢ ᠬᠥᠮᠦᠰ ᠤᠨ ᠪᠣᠯᠪᠠᠰᠤᠷᠠᠭᠤᠯᠤᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠲᠣᠰ ᠪᠡᠶ᠎ᠡ ᠶᠢᠨ ᠤᠷ᠎ᠠ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠠᠵᠢᠯ ᠣᠯᠭᠤᠯᠲᠠ ᠶᠢᠨ ᠠᠷᠭ᠎ᠠ ᠵᠠᠮ ᠢᠶᠠᠨ ᠨᠡᠮᠡᠭᠳᠡᠭᠦᠯᠵᠦ᠂ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠬᠡᠷᠡᠭᠲᠡᠢ᠃

1678965750542065083.png

1678965746280058994.png

1678965758251036332.png

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号