ᠬᠠᠶᠢᠷᠤᠪ ᠤᠨ ᠲᠣᠬᠤᠢ ᠲᠣᠭᠤᠷᠢᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠶᠢᠨ ᠳᠤᠭᠤᠶᠢᠯᠠᠩ ᠴᠡᠭᠡᠯ ᠠᠭᠤᠯᠠ ᠪᠠᠯᠭᠠᠰᠤᠨ ᠳᠤ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/22
      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠡᠪ ᠤᠨ ᠪᠠᠶᠢᠳᠠᠯ ᠢ ᠨᠢ ᠪᠡᠶᠡᠯᠡᠭᠦᠯᠬᠦ ᠶᠢᠨ ᠲᠥᠯᠥᠭᠡ᠂ 3 ᠰᠠᠷ᠎ᠠ ᠶᠢᠨ 21᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠡᠭᠦᠳᠦᠨ ᠪᠠᠶᠢᠭᠤᠯᠬᠤ ᠠᠯᠪᠠᠨ ᠭᠡᠷ ᠤᠨ ᠠᠵᠢᠯᠲᠠᠳ ᠴᠡᠭᠡᠯ ᠠᠭᠤᠯᠠ ᠪᠠᠯᠭᠠᠰᠤᠨ ᠤ ᠰᠢᠨ ᠹᠧᠩ ᠲᠣᠰᠬᠤᠨ ᠳᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠢ ᠪᠠᠶᠢᠴᠠᠭᠠᠨ ᠰᠤᠳᠤᠯᠪᠠ᠃ ᠴᠡᠭᠡᠯ ᠠᠭᠤᠯᠠ ᠪᠠᠯᠭᠠᠰᠤ ᠵᠢᠴᠢ ᠰᠢᠨ ᠹᠧᠩ ᠲᠣᠰᠬᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ ᠹᠧᠩ ᠲᠣᠰᠬᠤᠨ ᠤ ᠦᠨᠳᠦᠰᠦᠲᠡᠨ ᠤ ᠪᠦᠯᠬᠦᠮᠳᠡᠯ ᠤᠨ ᠤᠷᠳᠤ ᠬᠤᠩᠭᠢᠯ᠂ ᠨᠠᠮ ᠤᠨ ᠭᠡᠰᠢᠭᠦᠨ ᠤ ᠬᠥᠮᠦᠵᠢᠯ ᠤᠨ ᠰᠠᠭᠤᠷᠢᠨ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠡᠭᠦᠳᠦᠨ ᠪᠠᠶᠢᠭᠤᠯᠤᠭᠰᠠᠨ ᠮᠠᠲ᠋ᠧᠷᠢᠶᠠᠯ ᠢ ᠨᠢ ᠪᠠᠶᠢᠴᠠᠭᠠᠨ ᠦᠵᠡᠵᠦ᠂ ᠰᠢᠨ ᠹᠧᠩ ᠲᠣᠰᠬᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ᠂ ᠠᠵᠢᠯᠯᠠᠭ᠎ᠠ ᠶᠢᠨ ᠦᠷ᠎ᠡ ᠪᠦᠲᠦᠮᠵᠢ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠨᠢ ᠨᠠᠷᠢᠨ ᠣᠶᠢᠯᠠᠭᠠᠵᠤ᠂ ᠨᠢᠭᠡᠳ ᠨᠢᠭᠡ ᠪᠠᠷ ᠬᠠᠷᠢᠭᠤ ᠲᠤᠰᠬᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠶᠡᠷᠦᠩᠬᠡᠶ ᠬᠠᠷᠠᠯᠲᠠ ᠶᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠤᠨ ᠤᠷᠳᠤ ᠬᠤᠩᠭᠢᠯ᠂ ᠨᠠᠮ ᠤᠨ ᠭᠡᠰᠢᠭᠦᠨ ᠤ ᠬᠥᠮᠦᠵᠢᠯ ᠤᠨ ᠰᠠᠭᠤᠷᠢᠨ ᠭᠠᠵᠠᠷ ᠵᠡᠷᠭᠡ ᠡᠬᠢ ᠪᠠᠶᠠᠯᠢᠭ ᠤᠨ ᠣᠨᠴᠠᠯᠢᠭ ᠢᠶᠠᠨ ᠭᠦᠢᠴᠡᠳ ᠠᠰᠢᠭᠯᠠᠵᠤ᠂ ᠰᠠᠭᠤᠷᠢᠨ ᠭᠠᠵᠠᠷ᠂ ᠵᠡᠭᠡᠯᠢ ᠳᠡᠭᠡᠷᠡᠬᠢ ᠵᠥᠭᠡᠯᠡᠨ ᠬᠠᠲᠠᠭᠤ ᠲᠤᠨᠤᠭ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠵᠡᠷᠭᠡ ᠲᠠᠯ᠎ᠠ ᠪᠠᠷ ᠲᠡᠭᠦᠯᠳᠡᠷᠵᠢᠭᠦᠯᠵᠦ᠂ ᠪᠣᠯᠪᠠᠰᠤᠷᠠᠩᠭᠤᠢ ᠲᠣᠭᠤᠷᠢᠨ ᠦᠵᠡᠬᠦ ᠱᠤᠭᠤᠮ ᠢᠶᠠᠨ ᠵᠢᠷᠤᠵᠤ ᠲᠥᠯᠥᠪᠯᠡᠨ᠂ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃

1679389728704036130.jpg

1679389728918092838.jpg

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号