ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠴᠡᠴᠡᠷᠯᠢᠭ ᠢ ᠦᠨᠡᠯᠡᠨ ᠵᠢᠱᠢᠵᠦ ᠳᠡᠰ ᠲᠣᠭᠲᠠᠭᠠᠪᠠ
ᠨᠡᠶᠢᠲᠡᠯᠡᠭᠰᠡᠨ ᠴᠠᠭ᠄
2023/3/24
     ᠬᠠᠶᠢᠷᠤᠪ ᠤᠨ ᠲᠣᠬᠤᠢ ᠲᠣᠭᠤᠷᠢᠭ ᠤᠨ ᠬᠡᠤᠬᠡᠳ ᠤᠨ ᠴᠡᠴᠡᠷᠯᠢᠭ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠡᠤᠬᠡᠳ ᠤᠨ ᠴᠡᠴᠡᠷᠯᠢᠭ ᠡᠷᠭᠢᠯᠡᠬᠦ ᠶᠠᠰᠤ ᠴᠢᠨᠠᠷ ᠬᠢᠭᠡᠳ ᠠᠰᠠᠷᠠᠨ ᠬᠥᠮᠦᠵᠢᠭᠦᠯᠬᠦ ᠬᠢᠷᠢ ᠬᠡᠮᠵᠢᠶ᠎ᠡ ᠢᠶᠠᠨ ᠳᠡᠭᠡᠭᠰᠢᠯᠡᠭᠦᠯᠵᠦ᠂ ᠬᠡᠤᠬᠡᠳ ᠤᠨ ᠴᠡᠴᠡᠷᠯᠢᠭ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ᠂ ᠴᠢᠨᠠᠷ ᠰᠠᠶᠢᠲᠠᠶ ᠡᠷᠡᠭᠦᠯ ᠮᠡᠨᠳᠦ᠂ ᠥᠨᠳᠥᠷ ᠬᠢᠷᠢ ᠲᠦᠪᠰᠢᠨ ᠪᠦᠬᠦᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2023 ᠣᠨ ᠤ 3 ᠰᠠᠷ᠎ᠠ ᠶᠢᠨ 21᠎ ᠤ ᠡᠳᠦᠷ ᠤᠨ ᠦᠳᠡ ᠶᠢᠨ ᠬᠤᠶᠢᠨ᠎ᠠ᠂ ᠦᠬᠠᠶ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ ᠢ ᠦᠨᠡᠯᠡᠨ ᠵᠢᠱᠢᠬᠦ ᠲᠠᠰ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠳ᠋ᠦᠩ ᠹᠠᠩ ᠬᠤᠩ ᠴᠦᠨ ᠬᠤᠸᠠ ᠬᠡᠤᠬᠡᠳ ᠤᠨ ᠴᠡᠴᠡᠷᠯᠢᠭ᠂ ᠶᠢᠨ ᠶᠠᠩ ᠭᠤᠸᠠᠩ ᠬᠡᠤᠬᠡᠳ ᠤᠨ ᠴᠡᠴᠡᠷᠯᠢᠭ ᠲᠤ ᠬᠦᠷᠴᠦ᠂ ᠬᠤᠶᠠᠷ ᠬᠡᠤᠬᠡᠳ ᠤᠨ ᠴᠡᠴᠡᠷᠯᠢᠭ ᠲᠤ ᠲᠤᠬᠠᠶ ᠶᠢᠨ ᠭᠠᠵᠠᠷ ᠲᠤᠨᠢ ᠦᠨᠡᠯᠡᠨ ᠵᠢᠱᠢᠬᠦ ᠠᠵᠢᠯ ᠥᠷᠨᠢᠭᠦᠯᠪᠡ᠃      ᠦᠨᠡᠯᠡᠨ ᠵᠢᠱᠢᠬᠦ ᠳᠤᠭᠤᠶᠢᠯᠠᠩ ᠤᠨ ᠲᠤᠰᠬᠠᠶ ᠮᠡᠷᠭᠡᠵᠢᠯᠲᠡᠳ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ ︽ᠦᠬᠠᠶ ᠬᠤᠲᠠ ᠶᠢᠨ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠦᠨᠡᠯᠡᠨ ᠵᠢᠱᠢᠬᠦ ᠨᠠᠷᠢᠨ ᠲᠦᠷᠢᠮ︾᠎ ᠤᠨ ᠱᠠᠭᠠᠷᠳᠠᠯᠭ᠎ᠠ ᠶᠣᠰᠣᠭᠠᠷ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠬᠢᠴᠢᠶᠡᠯ ᠰᠣᠨᠣᠰᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠡᠷ ᠤᠨ ᠠᠬᠠᠮᠠᠳ ᠤᠨ ᠰᠢᠯᠭᠠᠨ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠤᠬᠡᠳ ᠤᠨ ᠴᠡᠴᠡᠷᠯᠢᠭ ᠤᠨ ᠡᠷᠭᠢᠯᠡᠬᠦ ᠨᠥᠬᠦᠴᠡᠯ᠂ ᠡᠩᠨᠡᠭᠡ ᠶᠢᠨ ᠪᠠᠶᠢᠭᠤᠯᠤᠯᠲᠠ᠂ ᠬᠡᠤᠬᠡᠳ ᠤᠨ ᠴᠡᠴᠡᠷᠯᠢᠭ ᠤᠨ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠬᠡᠤᠬᠡᠳ ᠤᠨ ᠬᠥᠭᠵᠢᠯᠲᠡ ᠶᠢᠨ ᠦᠨᠡᠯᠡᠯᠲᠡ ᠵᠡᠷᠭᠡ ᠲᠠᠯ᠎ᠠ ᠪᠠᠷ ᠪᠥᠬᠦ ᠲᠠᠯ᠎ᠠ ᠪᠠᠷ ᠨᠠᠷᠢᠨ ᠨᠢᠮᠪᠠᠶ ᠦᠨᠡᠯᠡᠨ ᠵᠢᠱᠢᠵᠦ ᠵᠢᠭᠠᠨ ᠵᠢᠯᠣᠭᠤᠳᠪᠠ᠃      ᠦᠨᠡᠯᠡᠨ ᠵᠢᠱᠢᠬᠦ ᠪᠠ ᠪᠠᠶᠢᠴᠠᠭᠠᠬᠤ ᠶᠠᠪᠤᠴᠠ ᠳᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠬᠤᠶᠠᠷ ᠬᠡᠤᠬᠡᠳ ᠤᠨ ᠴᠡᠴᠡᠷᠯᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠨᠢ ᠭᠦᠢᠴᠡᠳ ᠨᠤᠲᠠᠯᠠᠭᠰᠠᠨ ᠪᠥᠭᠡᠳ ᠴᠡᠴᠡᠷᠯᠢᠭ ᠤᠨ ᠬᠤᠶᠢᠰᠢᠳᠠ ᠶᠢᠨ ᠬᠥᠭᠵᠢᠯᠲᠡ ᠳᠤ ᠲᠤᠰᠬᠠᠶ ᠮᠡᠷᠭᠡᠵᠢᠯ ᠤᠨ ᠵᠢᠯᠣᠭᠤᠳᠬᠤ ᠰᠠᠨᠠᠯ ᠳᠤᠷᠠᠳᠤᠭᠰᠠᠨ ᠪᠠᠶᠢᠨ᠎ᠠ᠃ ᠬᠤᠶᠠᠷ ᠴᠡᠴᠡᠷᠯᠢᠭ ᠨᠢ ᠪᠠᠶᠢᠴᠠᠭᠠᠬᠤ ᠪᠠᠷ ᠪᠥᠲᠥᠭᠡᠨ ᠪᠠᠶᠢᠭᠤᠯᠬᠤ ᠪᠠᠨ ᠠᠬᠢᠭᠤᠯᠵᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠤᠨ ᠶᠣᠰᠣᠭᠠᠷ ᠠᠰᠠᠭᠤᠳᠠᠯ ᠢᠶᠠᠨ ᠨᠠᠷᠢᠨ ᠬᠢᠨᠠᠮᠠᠭᠠᠶ ᠡᠮᠬᠢᠯᠡᠨ ᠬᠤᠷᠢᠶᠠᠩᠭᠤᠶᠢᠯᠠᠵᠤ᠂ ᠲᠣᠰ ᠤᠳᠠᠭᠠᠨ ᠤ ᠦᠨᠡᠯᠡᠨ ᠵᠢᠱᠢᠵᠦ ᠰᠢᠯᠭᠠᠨ ᠠᠪᠬᠤ ᠪᠠᠷ ᠠᠵᠠ ᠲᠣᠬᠢᠶᠠᠯ ᠪᠣᠯᠭᠠᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠬᠢᠴᠢᠶᠡᠯ ᠤᠨ ᠪᠠᠶᠢᠭᠤᠯᠤᠯᠲᠠ ᠪᠠᠨ ᠳᠥᠯᠭᠢᠨ ᠠᠬᠢᠭᠤᠯᠵᠤ᠂ ᠠᠭᠤᠯᠤᠭᠳᠠᠬᠤᠨ ᠤ ᠬᠥᠭᠵᠢᠯᠲᠡ ᠪᠠᠨ ᠠᠬᠢᠭᠤᠯᠤᠨ᠂ ᠬᠡᠤᠬᠡᠳ ᠤᠳ ᠲᠤ ᠪᠠᠶᠠᠷ ᠬᠥᠷ ᠲᠠᠢ᠂ ᠠᠮᠤᠷ ᠲᠦᠪᠰᠢᠨ ᠰᠤᠷᠭᠠᠨ ᠬᠥᠮᠦᠵᠢᠯ ᠤᠨ ᠣᠷᠴᠢᠨ ᠲᠤᠭᠤᠷᠢᠨ ᠢ ᠪᠣᠶ ᠪᠣᠯᠭᠠᠵᠤ ᠥᠭᠭᠦᠨ᠎ᠡ᠃      ᠨᠢᠭᠡ ᠬᠤᠪᠢ ᠶᠢᠨ ᠲᠠᠷᠢᠶᠠᠯᠠᠭ᠎ᠠ ᠨᠢᠭᠡ ᠬᠤᠪᠢ ᠶᠢᠨ ᠬᠤᠷᠢᠶᠠᠯᠲᠠ ᠣᠯᠵᠤ᠂ ᠬᠤᠲᠠ ᠶᠢᠨ ᠱᠠᠲᠤᠨ ᠤ ᠵᠢᠱᠢᠶ᠎ᠡ ᠦᠵᠡᠭᠦᠯᠬᠦ ᠴᠡᠴᠡᠷᠯᠢᠭ ᠢ ᠦᠨᠡᠯᠡᠨ ᠵᠢᠱᠢᠵᠦ ᠲᠠᠰ ᠲᠣᠭᠲᠠᠭᠠᠬᠤ ᠶᠢ ᠪᠠᠶᠢᠴᠠᠭᠠᠨ ᠦᠨᠡᠯᠡᠬᠦ ᠠᠵᠢᠯ ᠢᠶᠠᠷ ᠳᠡᠮᠵᠢᠨ᠂ ᠬᠠᠶᠢᠷᠤᠪ ᠤᠨ ᠲᠣᠬᠤᠶ ᠲᠣᠭᠤᠷᠢᠭ ᠤᠨ ᠬᠡᠤᠬᠡᠳ ᠤᠨ ᠴᠡᠴᠡᠷᠯᠢᠭ ᠤᠨ ᠵᠢᠷᠤᠮᠵᠢᠭᠤᠨ ᠬᠥᠭᠵᠢᠯᠲᠡ ᠪᠠᠨ ᠠᠬᠢᠭᠤᠯᠵᠤ᠂ ᠬᠡᠤᠬᠡᠳ ᠤᠨ ᠴᠡᠴᠡᠷᠯᠢᠭ ᠤᠨ ᠪᠦᠬᠦᠯᠢ ᠴᠣᠭᠴᠠ ᠶᠢᠨ ᠴᠡᠴᠡᠷᠯᠢᠭ ᠡᠷᠭᠢᠯᠡᠬᠦ ᠶᠠᠰᠤ ᠴᠢᠨᠠᠷ ᠪᠠ ᠰᠣᠶᠣᠯ ᠤᠨ ᠠᠭᠤᠯᠤᠭᠳᠠᠬᠤᠨ ᠢᠶᠠᠨ ᠪᠦᠲᠦᠮᠵᠢᠲᠡᠶ ᠳᠡᠭᠡᠭᠰᠢᠯᠡᠭᠦᠯᠵᠦ᠂ ᠮᠠᠨ ᠤ ᠲᠤᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠰᠠᠶᠢᠳᠤᠷ ᠠᠬᠢᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号