︽ᠠᠵᠤ ᠠᠬᠤᠢᠯᠠᠯᠲᠠᠨ ᠲᠠᠢ ᠶᠠᠷᠢᠯᠴᠠᠭ᠎ᠠ ᠬᠢᠬᠦ︾ ①  ᠸᠠᠩ  ᠶᠠ ᠵᠧᠦ᠄ ᠠᠳᠠᠯ ᠦᠢᠯᠡᠰ ᠴᠣᠭᠴᠠᠯᠠᠬᠤ ᠶᠢ ᠰᠣᠩᠭᠤᠪᠠᠯ ᠠᠮᠠᠷᠬᠠᠨ ᠤᠬᠤᠷᠢᠬᠤ ᠦᠭᠡᠢ︕
ᠨᠡᠶᠢᠲᠡᠯᠡᠭᠰᠡᠨ ᠴᠠᠭ᠄
2023/3/27
      ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠲᠥᠪ ᠬᠤᠷᠢᠶᠠᠨ ᠤ ︽ᠬᠤᠶᠠᠷ ᠥᠴᠦᠬᠡᠨ ᠴᠦ ᠭᠤᠶᠢᠪᠢᠰᠢ ᠦᠭᠡᠶ︾᠂ ︽ᠬᠤᠶᠠᠷ ᠡᠷᠡᠭᠦᠯ ᠮᠡᠨᠳᠦ︾᠎ ᠶᠢᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠢᠶᠠᠷ ᠣᠶᠢᠯᠠᠭᠠᠭᠤᠯᠵᠤ᠂ ᠡᠷᠡᠭᠡᠯᠵᠡᠭᠡ ᠶᠢ ᠨᠢ ᠠᠷᠢᠯᠠᠭᠠᠪᠠ᠃ ᠴᠠᠭ ᠦᠶ᠎ᠡ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠠᠳᠠᠯ ᠦᠢᠯᠡᠰ ᠴᠣᠭᠴᠠᠯᠠᠭᠰᠠᠨ ᠲᠡᠦᠬᠡ ᠪᠠᠨ ᠪᠢᠴᠢᠭᠯᠡᠬᠦ ᠶᠢ ᠤᠷᠢᠶᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠡᠭᠡ ᠡᠷᠡᠮᠡᠯᠵᠡᠯ ᠲᠠᠢ ᠪᠥᠭᠡᠳ ᠢᠷᠡᠭᠡᠳᠦᠢ ᠲᠠᠢ ᠶᠤᠮ᠃      ᠬᠠᠶᠢᠷᠤᠪ ᠤᠨ ᠲᠤᠬᠤᠢ ᠲᠣᠭᠤᠷᠢᠭ ᠲᠤ ᠠᠷᠠᠳ ᠤᠨ ᠡᠵᠡᠩᠨᠡᠯᠲᠡ ᠶᠢᠨ ᠠᠵᠤ ᠠᠬᠤᠢ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠰᠢᠨ᠎ᠡ ᠶᠢ ᠡᠭᠦᠳᠬᠦ ᠶᠢ ᠠᠬᠢᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠠᠵᠤ ᠠᠬᠤᠶᠢᠯᠠᠯᠲᠠᠨ ᠢ ᠬᠦᠨᠳᠦᠳᠬᠡᠬᠦ᠂ ᠠᠳᠠᠯ ᠦᠢᠯᠡᠰ ᠴᠣᠭᠴᠠᠯᠠᠭᠰᠠᠳ ᠤᠨ ᠰᠠᠶᠢᠨ ᠰᠠᠶᠢᠬᠠᠨ ᠠᠭᠤᠷ ᠠᠮᠢᠰᠬᠤᠯ ᠢ ᠬᠦᠨᠳᠦᠳᠬᠡᠬᠦ ᠶᠢᠨ ᠲᠥᠯᠥᠭᠡ᠂ ︽ᠳᠣᠲᠣᠨᠣ︾ ︽ᠴᠢᠬᠡᠴᠢ︾ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠣᠨᠴᠠᠭᠠᠶᠢᠯᠠᠨ ︽ᠠᠵᠤ ᠠᠬᠤᠶᠢᠯᠠᠯᠲᠠᠨ ᠲᠠᠢ ᠶᠠᠷᠢᠯᠴᠠᠬᠤ︾ ᠰᠤᠷᠪᠤᠯᠵᠢᠯᠠᠨ ᠶᠠᠷᠢᠯᠴᠠᠬᠤ ᠪᠤᠯᠤᠩ ᠭᠠᠷᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠬᠦᠷᠢᠶᠡᠨ ᠤ ᠰᠢᠯᠢᠳᠡᠭ ᠠᠵᠤ ᠠᠬᠤᠶᠢᠯᠠᠯᠲᠠᠨ ᠢ ᠤᠷᠢᠵᠤ ᠠᠳᠠᠯ ᠦᠢᠯᠡᠰ ᠴᠣᠭᠴᠠᠯᠠᠭᠰᠠᠨ ᠦᠯᠢᠭᠡᠷ ᠢ ᠨᠢ ᠬᠤᠪᠢᠶᠠᠯᠴᠠᠭᠤᠯᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠨᠢ ᠪᠠᠳᠠᠷᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠢ  ᠬᠠᠮᠲᠤᠪᠠᠷ ᠬᠥᠪᠴᠢᠯᠡᠪᠡ᠃      ᠲᠣᠰ ᠬᠤᠭᠤᠴᠠᠭᠠᠨ ᠤ ︽ᠶᠠᠷᠢᠯᠴᠠᠭ᠎ᠠ ᠬᠢᠬᠦ ᠠᠵᠤ ᠠᠬᠤᠶᠢᠯᠠᠯᠲᠠᠨ︾ ᠭᠡᠬᠦ ᠪᠤᠯᠤᠩ ᠢ ᠥᠪᠥᠷ ᠮᠣᠩᠭᠤᠯ ᠤᠨ ᠢᠦᠢ ᠵᠢᠶᠠᠨ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ  ᠶᠠ ᠵᠧᠦ ᠲᠠᠢ ᠠᠭᠤᠯᠵᠠᠵᠤ ᠂ ᠠᠳᠠᠯ ᠦᠢᠯᠡᠰ ᠴᠣᠭᠴᠠᠯᠠᠭᠰᠠᠨ ᠥᠯᠢᠭᠡᠷ᠂ ᠬᠥᠭᠵᠢᠯᠲᠡ ᠶᠢᠨ ᠬᠦᠰᠡᠯ ᠡᠷᠡᠮᠡᠯᠵᠡᠯ ᠤᠨ ᠲᠤᠬᠠᠶ ᠶᠠᠷᠢᠯᠴᠠᠪᠠ᠃      ᠦᠢᠯᠡᠰ ᠪᠦᠲᠦᠭᠡᠬᠦ ᠬᠦᠴᠢᠷ ᠪᠡᠷᠬᠡᠰᠢᠶᠡᠯ ᠤᠨ ᠲᠤᠬᠠᠢ ᠶᠠᠷᠢᠬᠤ ᠳᠤ᠂ ᠸᠠᠩ ᠶᠠ ᠵᠧᠦ᠂ ᠦᠢᠯᠡᠰ ᠪᠦᠲᠦᠭᠡᠬᠦ ᠠᠩᠬᠠᠨ ᠤ ᠦᠶ᠎ᠡ ᠪᠣᠯ ᠬᠠᠮᠤᠭ ᠤᠨ ᠬᠦᠴᠢᠷ ᠪᠡᠷᠬᠡᠰᠢᠶᠡᠯ ᠲᠠᠢ ᠴᠠᠭ ᠦᠶ᠎ᠡ ᠪᠠᠶᠢᠵᠤ᠂ ᠭᠡᠪᠡᠴᠦ ᠦᠢᠯᠡᠰ ᠪᠣᠰᠭᠠᠬᠤ ᠶᠢ ᠰᠣᠩᠭᠤᠪᠠᠯ ᠬᠠᠷᠢᠨ ᠠᠮᠠᠷᠬᠠᠨ ᠤᠬᠤᠷᠢᠬᠤ ᠦᠭᠡᠢ ᠶᠤᠮ᠂ ᠤᠴᠢᠷ ᠨᠢ ᠶᠠᠮᠠᠷᠪᠠ ᠠᠵᠤ ᠠᠬᠤᠢᠯᠠᠯ ᠤᠨ ᠬᠥᠭᠵᠢᠯᠲᠡ ᠳᠤ ᠪᠦᠷ ᠬᠦᠴᠢᠷᠳᠡᠯ ᠳᠤ ᠤᠴᠠᠷᠠᠬᠤ ᠮᠡᠳᠡᠨ᠎ᠡ᠂ ᠢᠯᠠᠩᠭᠤᠶ᠎ᠠ ᠬᠠᠶᠢᠷᠤᠪ ᠤᠨ ᠲᠣᠬᠤᠢ ᠡᠨᠡ ᠬᠡᠳᠦᠨ ᠵᠢᠯ᠂ ᠮᠠᠨ ᠤ ᠠᠷᠠᠳ ᠠᠴᠠ ᠡᠵᠡᠩᠨᠡᠭᠰᠡᠨ ᠠᠵᠤ ᠠᠬᠤᠢᠯᠠᠯ ᠢ ᠬᠠᠯᠠᠮᠵᠢᠯᠠᠨ ᠳᠡᠮᠵᠢᠬᠦ ᠡᠷᠴᠢᠮ ᠨᠢ ᠴᠥᠮ ᠮᠠᠰᠢ ᠶᠡᠭᠡ᠂ ᠡᠨᠡ ᠨᠢ ᠪᠢᠳᠡᠨ ᠤ ᠢᠲᠡᠭᠡᠯ ᠲᠡᠭᠦᠯᠳᠡᠷ ᠢ ᠶᠡᠭᠡᠪᠡᠷ ᠬᠦᠭᠵᠢᠭᠡᠪᠡ᠃      ᠬᠥᠭᠵᠢᠯᠲᠡ ᠶᠢᠨ ᠢᠲᠡᠭᠡᠯ ᠵᠣᠷᠢᠭ ᠢ ᠶᠠᠷᠢᠬᠤ ᠳᠠᠭᠠᠨ᠂ ᠸᠠᠩ ᠶᠠ ᠵᠧᠦ᠂ ᠨᠢᠳᠤᠨᠤᠨ ᠠᠴᠠ ᠡᠨᠡ ᠵᠢᠯ ᠪᠣᠯᠲᠠᠯ᠎ᠠ᠂ ᠨᠢᠭᠡᠨᠲᠡ ᠵᠠᠯᠭᠠᠭ᠎ᠠ ᠪᠠᠷ 10 ᠳᠡᠯᠭᠡᠭᠦᠷ ᠢ ᠰᠢᠨ᠎ᠡ ᠪᠠᠷ ᠨᠡᠭᠡᠭᠡᠭᠰᠡᠨ ᠪᠥᠭᠡᠳ ᠵᠠᠬ᠎ᠠ ᠳᠡᠯᠭᠡᠭᠦᠷ ᠤᠨ ᠦᠢᠯᠡᠳᠦᠯᠭᠡ ᠶᠢᠨ ᠰᠢᠯᠭᠠᠯᠲᠠ ᠪᠠᠷ ᠳᠠᠮᠵᠢᠨ᠂ ᠠᠵᠤ ᠠᠬᠤᠶᠢᠯᠠᠯ ᠤᠨ ᠬᠢᠨ ᠬᠠᠶᠢᠷᠤᠪ ᠤᠨ ᠲᠤᠬᠤᠢ ᠶᠢᠨ ᠬᠤᠳᠠ ᠶᠢᠨ ᠠᠷᠠᠳ ᠲᠠᠢ ᠨᠢᠭᠡ ᠵᠦᠢᠯ ᠤᠨ ᠮᠠᠰᠢ ᠰᠠᠶᠢᠨ ᠦᠢᠯᠡᠳᠦᠯᠴᠡᠬᠦ ᠬᠠᠷᠢᠴᠠᠭ᠎ᠠ ᠶᠢ ᠪᠦᠷᠢᠯᠳᠦᠭᠦᠯᠵᠦ᠂ ᠵᠠᠯᠭᠠᠭᠠᠳ ᠪᠠᠰᠠ ᠨᠢᠭᠡᠨ ᠰᠢᠨ᠎ᠡ ᠲᠦᠷᠦᠯ ᠲᠡᠮᠳᠡᠭ ᠢ ᠡᠭᠦᠳᠴᠦ᠂ ᠨᠡᠶᠢᠭᠡᠮ ᠳᠤ 100 ᠭᠠᠷᠤᠢ ᠠᠵᠢᠯ ᠤᠨ ᠪᠠᠶᠢᠷᠢ ᠬᠠᠩᠭᠠᠬᠤ ᠪᠣᠯᠤᠨ᠎ᠠ ᠭᠡᠵᠦ ᠢᠯᠡᠳᠬᠡᠪᠡ᠃      ᠠᠵᠤ ᠠᠬᠤᠶᠢᠯᠠᠯᠲᠠᠨ ᠤ ᠨᠡᠶᠢᠭᠡᠮ ᠤᠨ ᠬᠠᠷᠢᠭᠤᠴᠠᠯᠭ᠎ᠠ ᠶᠢᠨ ᠲᠤᠬᠠᠶ ᠶᠠᠷᠢᠬᠤ ᠳᠠᠭᠠᠨ᠂ ᠸᠠᠩ  ᠶᠠ ᠵᠧᠦ᠂ ᠬᠠᠶᠢᠷ᠎ᠠ ᠪᠣᠯ ᠬᠠᠷᠢᠯᠴᠠᠨ ᠭᠡᠵᠦ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠬᠠᠮᠤᠭ ᠤᠨ ᠬᠦᠴᠢᠷᠲᠡᠶ ᠦᠶ᠎ᠡ ᠳᠤ᠂ ᠬᠠᠶᠢᠷᠤᠪ ᠤᠨ ᠲᠣᠬᠤᠢ ᠶᠢᠨ ᠵᠠᠰᠠᠭ ᠤᠨ ᠣᠷᠳᠣᠨ ᠠᠵᠤ ᠠᠬᠤᠶᠢᠯᠠᠯ ᠤᠨ ᠪᠣᠳᠠᠲᠠᠶ ᠬᠦᠴᠢᠷᠳᠡᠯ ᠢ ᠬᠠᠯᠠᠮᠵᠢᠯᠠᠪᠠ᠂ ᠣᠳᠣ ᠠᠵᠤ ᠠᠬᠤᠶᠢᠯᠠᠯ ᠤᠯᠠᠮ ᠨᠢᠭᠡ ᠠᠯᠬᠤᠮ ᠬᠥᠭᠵᠢᠨ ᠪᠤᠵᠠᠭᠠᠶᠢᠷᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠨᠡᠩ ᠣᠯᠠᠨ ᠬᠠᠪᠰᠤᠷᠤᠯᠭ᠎ᠠ ᠴᠢᠬᠤᠯᠠᠲᠠᠶ ᠬᠥᠮᠦᠰ ᠢ ᠬᠠᠪᠰᠤᠷᠪᠠᠯ ᠵᠣᠬᠢᠨ᠎ᠠ᠃      ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢᠨ ︽ᠬᠢᠯᠭᠠᠰᠤᠨ ᠰᠤᠳᠠᠯ︾ ᠮᠥᠨ᠂ ᠲᠡᠷᠡ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠤᠯᠪᠣᠭᠳᠠᠵᠤ᠂ ᠠᠷᠠᠳ ᠤᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠣᠯᠠᠨ ᠲᠦᠮᠡᠨ ᠲᠠᠢ ᠬᠠᠮᠤᠭ ᠠᠴᠠ ᠣᠶᠢᠷᠠᠲᠤᠭᠰᠠᠨ ᠬᠡᠰᠡᠭ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠠᠵᠤ ᠠᠬᠤᠶᠢᠯᠠᠯᠲᠠᠨ ᠤ ᠰᠡᠳᠬᠢᠯ ᠤᠨ ᠦᠭᠡ ᠶᠢ ᠰᠣᠨᠣᠰᠴᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠦᠨᠡᠨᠬᠦ ᠰᠢᠢᠳᠪᠦᠷᠢᠯᠡᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠬᠠᠶᠢᠷᠤᠪ ᠤᠨ ᠲᠤᠬᠤᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠬᠠᠮᠤᠭ ᠤᠨ ᠠᠮᠢᠵᠢᠷᠠᠯ ᠤᠨ ᠬᠦᠴᠦᠨ ᠲᠠᠢ ᠬᠡᠰᠡᠭ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号