ᠬᠠᠶᠢᠷᠤᠪ ᠤᠨ ᠲᠤᠬᠤᠢ ᠲᠣᠭᠤᠷᠢᠭ ᠰᠤᠷᠭᠠᠨ ᠬᠥᠮᠦᠵᠢᠯ ᠤᠨ ᠰᠢᠰᠲ᠋ᠧᠮ ᠤᠨ ᠴᠢᠬᠡᠴᠢ ᠵᠠᠰᠠᠭ ᠤᠨ ᠬᠠᠮᠲᠤ ᠶᠢᠨ ᠶᠠᠷᠢᠯᠴᠠᠬᠤ ᠬᠤᠷᠠᠯ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠷᠢᠮᠵᠢᠶ᠎ᠠ ᠳᠤ ᠬᠦᠷᠬᠦ ᠠᠵᠢᠯ ᠢᠶᠠᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/27
      ᠰᠤᠷᠭᠠᠨ ᠬᠥᠮᠦᠵᠢᠯ ᠤᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠮᠠᠨ ᠤ ᠲᠤᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠷᠢᠮᠵᠢᠶ᠎ᠠ ᠳᠤ ᠬᠦᠷᠭᠡᠬᠦ ᠠᠵᠢᠯ ᠢᠶᠠᠨ ᠪᠠᠶᠢᠷᠢᠯᠠᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠪᠠᠨ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤ ᠶᠢᠨ ᠶᠠᠷᠢᠯᠴᠠᠭᠠᠨ ᠤ ᠬᠤᠷᠠᠯ ᠵᠢᠴᠢ ᠬᠠᠶᠢᠷᠤᠪ ᠤᠨ ᠲᠣᠬᠤᠶ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠷᠢᠮᠵᠢᠶ᠎ᠠ ᠳᠤ ᠬᠦᠷᠭᠡᠬᠦ ᠠᠵᠢᠯ ᠢᠶᠠᠨ ᠳᠥᠯᠭᠢᠨ ᠠᠬᠢᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠤᠶᠢᠯᠡᠴᠢᠯᠡᠭᠡᠨ ᠤ ᠲᠥᠪ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ᠂ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠤᠭᠤᠷᠢᠭ ᠤᠨ ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ ᠨᠡᠶᠢᠲᠡ 106 ᠬᠥᠮᠦᠨ ᠲᠣᠰ ᠤᠳᠠᠭᠠᠨ ᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠭᠧ ᠳ᠋ᠦᠩ ᠮᠧᠶ ᠨᠥᠬᠦᠷ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠤᠳᠤᠷᠢᠳᠬᠤ ᠺᠠᠳ᠋ᠷ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠭ᠎ᠠ ᠰᠠᠨᠠᠭᠤᠯᠵᠠᠢ᠃ ᠲᠤᠭᠤᠷᠢᠭ ᠤᠨ ᠬᠠᠷᠢᠶ᠎ᠠ ᠪᠦᠬᠦᠢ ᠰᠤᠷᠭᠠᠭᠤᠯᠢ ᠡᠷᠬᠡᠪᠰᠢ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠪᠠ ᠠᠵᠢᠯ ᠤᠶᠢᠯᠡᠰ ᠤᠨ ᠬᠠᠷᠢᠭᠤᠴᠠᠯᠭᠠᠲᠤ ᠰᠡᠳᠬᠢᠯᠭᠡ ᠪᠠᠷ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠪᠠᠨ ᠠᠬᠢᠭᠤᠯᠵᠤ᠂ ᠲᠣᠭᠲᠠᠭᠠᠯ ᠠᠴᠠ ᠵᠥᠷᠢᠴᠡᠨ ᠰᠤᠷᠭᠠᠭᠤᠯᠢ ᠰᠣᠩᠭᠤᠵᠤ ᠠᠩᠭᠢ ᠰᠣᠩᠭᠤᠬᠤ᠂ ᠲᠣᠭᠲᠠᠭᠠᠯ ᠠᠴᠠ ᠵᠥᠷᠢᠴᠡᠨ ᠬᠡᠷ ᠤᠨ ᠠᠬᠠᠮᠠᠳ ᠤᠨ ᠡᠳ᠋ ᠪᠣᠳᠠᠰ ᠢ ᠭᠥᠯᠢᠶᠡᠨ ᠠᠪᠬᠤ᠂ ᠰᠣᠷᠣᠭᠴᠢ ᠭᠥᠯᠢᠶᠡᠨ ᠠᠪᠬᠤ᠂ ᠳᠤᠷ᠎ᠠ ᠪᠠᠷ ᠢᠶᠠᠨ ᠰᠣᠷᠣᠭᠴᠢ ᠡᠯᠰᠡᠬᠦ᠂ ᠬᠢᠴᠢᠶᠡᠯ ᠤᠨ ᠳᠠᠷᠠᠭᠠᠬᠢ  ᠤᠶᠢᠯᠡᠴᠢᠯᠡᠭᠡᠨ ᠤ ᠰᠢᠨ᠎ᠡ ᠬᠢᠴᠢᠶᠡᠯ ᠶᠠᠷᠢᠬᠤ᠂ ᠪᠠᠶᠢᠷᠢ ᠰᠣᠯᠢᠬᠤ ᠲᠠᠯ᠎ᠠ ᠪᠠᠷ ᠪᠠ ᠬᠡᠷ ᠤᠨ ᠠᠬᠠᠮᠠᠳ ᠤᠨ ᠠᠰᠢᠭ ᠲᠤᠰᠠ ᠶᠢᠨ ᠰᠣᠯᠢᠯᠴᠠᠭ᠎ᠠ ᠣᠷᠣᠰᠢᠵᠤ ᠪᠠᠶᠢᠭ᠎ᠠ ᠵᠡᠷᠭᠡ ᠪᠠᠭᠰᠢ ᠶᠢᠨ ᠡᠩᠨᠡᠭᠡ ᠶᠢᠨ ᠳᠦᠷᠢ ᠲᠥᠷᠬᠦ ᠶᠢ ᠨᠥᠯᠥᠭᠡᠯᠡᠭᠰᠡᠨ ᠬᠡᠷᠡᠭ ᠳᠡᠭᠡᠷ᠎ᠡ ᠦᠷ᠎ᠡ ᠪᠦᠲᠦᠮᠵᠢ ᠭᠠᠷᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠲᠠᠯ ᠴᠢᠬᠡᠴᠢ ᠣᠪᠣᠷ ᠲᠥᠪ ᠠᠭᠤᠷ ᠠᠮᠢᠰᠬᠤᠯ ᠢᠶᠠᠨ ᠴᠢᠷᠮᠠᠶᠢᠨ ᠪᠣᠶ ᠪᠣᠯᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠪᠠᠨ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠷᠢᠮᠵᠢᠶ᠎ᠠ ᠳᠤ ᠬᠦᠷᠭᠡᠬᠦ ᠠᠵᠢᠯ ᠲᠠᠢ ᠤᠶᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠵᠢᠤᠸᠠᠨ ᠨᠥᠬᠦᠷ ᠪᠣᠳᠠᠲᠠᠢ ᠠᠵᠢᠯ ᠤᠨ ᠬᠡᠷᠡᠭᠵᠢᠭᠦᠯᠬᠦ ᠬᠠᠷᠠᠯᠲᠠ ᠪᠣᠯᠤᠨ ᠠᠷᠭ᠎ᠠ ᠬᠡᠮᠵᠢᠶ᠎ᠡ ᠶᠢᠨ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃ ᠲᠤᠭᠤᠷᠢᠭ ᠤᠨ ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠᠨ ᠢᠮᠠᠭᠲᠠ ᠪᠠᠷᠢᠮᠲᠠᠯᠠᠵᠤ᠂ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠪᠠᠨ ᠠᠳᠬᠤᠵᠤ᠂ ᠭᠤᠣᠯᠳᠠᠯᠭ᠎ᠠ ᠲᠠᠢ ᠡᠭᠦᠷᠭᠡ ᠪᠣᠯᠤᠨ ᠬᠥᠭᠵᠢᠯᠲᠡ ᠶᠢᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠪᠠᠨ ᠠᠳᠬᠤᠵᠤ ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠰᠤᠷᠭᠠᠭᠤᠯᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠥᠨᠳᠥᠷ ᠪᠠᠷᠢᠮᠵᠢᠶ᠎ᠠ᠂ ᠥᠨᠳᠥᠷ ᠲᠡᠰ ᠤᠨ᠂ ᠴᠢᠨᠠᠷ ᠰᠠᠶᠢᠲᠠᠢ ᠪᠠᠷ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠣᠭᠤᠳᠴᠤ ᠦᠨᠡᠯᠡᠨ ᠵᠢᠱᠢᠬᠦ ᠪᠠ ᠤᠯᠤᠰ ᠠᠴᠠ ᠮᠠᠭᠠᠳᠯᠠᠨ ᠲᠣᠭᠲᠠᠭᠠᠬᠤ ᠶᠢ ᠪᠠᠲᠤᠯᠠᠬᠤ ᠬᠡᠷᠡᠭᠲᠡᠢ᠃      ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠨᠥᠬᠦᠷ ᠴᠢᠬᠤᠯᠠ ᠶᠠᠷᠢᠶ᠎ᠠ ᠲᠠᠯᠪᠢᠪᠠ᠂ ᠲᠡᠷᠡ᠂ ᠨᠢᠭᠡ ᠳᠤ᠂ ᠰᠤᠷᠭᠠᠨ ᠬᠥᠮᠦᠵᠢᠯ ᠤᠨ ᠠᠵᠢᠯ ᠤᠨ ᠬᠥᠭᠵᠢᠯᠲᠡ ᠶᠢᠨ ᠴᠢᠭᠯᠡᠯ ᠢᠶᠠᠨ ᠪᠠᠲᠤ ᠡᠵᠡᠮᠳᠡᠬᠦ ᠬᠡᠷᠡᠭᠲᠡᠢ᠃ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢᠶᠠᠨ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢᠶᠠᠨ ᠡᠷᠡᠰ ᠬᠡᠷᠡᠭᠵᠢᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠎ ᠪᠠᠨ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ︽ᠠᠮᠢᠨ ᠰᠤᠳᠠᠰᠤ︾᠎ ᠪᠠᠨ ᠪᠠᠲᠤ ᠰᠠᠬᠢᠬᠤ ᠬᠡᠷᠡᠭᠲᠡᠢ᠃ ᠬᠤᠶᠠᠷ ᠲᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠤᠨ ᠶᠠᠰᠤ ᠴᠢᠨᠠᠷ ᠭᠡᠬᠦ ᠡᠨᠡ ᠬᠦ ︽ᠠᠮᠢᠨ ᠰᠤᠳᠠᠰᠤ︾᠎ ᠪᠠᠨ ᠴᠢᠩᠭ᠎ᠠ ᠠᠳᠬᠤᠵᠤ᠂ ᠠᠭᠤᠯᠤᠭᠳᠠᠬᠤᠨ ᠤ ᠪᠠᠶᠢᠭᠤᠯᠤᠯᠲᠠ ᠪᠠᠨ ᠳᠣᠪᠤᠶᠢᠯᠭᠠᠨ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠪᠠᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠳᠠᠪᠠᠭᠤᠯᠢᠭ ᠢᠶᠠᠨ ᠪᠠᠳᠠᠷᠠᠭᠤᠯᠤᠨ᠂ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ᠂ ᠰᠤᠷᠭᠠᠭᠤᠯᠢ ᠶᠢᠨ ᠬᠠᠮᠢᠶᠠᠷᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠲᠠᠯ᠎ᠠ ᠪᠠᠷ ᠬᠢ ᠰᠢᠯᠢᠳᠡᠭ ᠡᠬᠢ ᠪᠠᠶᠠᠯᠢᠭ ᠢᠶᠠᠨ ᠠᠰᠢᠭᠯᠠᠵᠤ᠂ ᠰᠤᠷᠭᠠᠨ ᠬᠥᠮᠦᠵᠢᠯ ᠤᠨ ᠠᠵᠢᠯ ᠤᠨ ︽1+N︾ ᠲᠦᠷᠦ ᠶᠢᠨ ᠪᠤᠳᠤᠯᠭ᠎ᠠ ᠶᠢᠨ ᠰᠢᠰᠲ᠋ᠧᠮ ᠢᠶᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠᠨ ᠠᠬᠢᠭᠤᠯᠬᠤ ᠬᠡᠷᠡᠭᠳᠡᠢ ᠬᠡᠵᠡᠢ᠃ ᠭᠤᠷᠪᠠ ᠳᠤ᠂ ︽ᠥᠪᠡᠷᠮᠢᠴᠡ ᠣᠨᠴᠠᠯᠢᠭ ᠲᠠᠢ︾ ᠰᠤᠷᠭᠠᠭᠤᠯᠢ ᠶᠢᠨ ᠰᠤᠷᠭᠠᠨ ᠬᠥᠮᠦᠵᠢᠯ ᠢ ᠪᠤᠶ ᠪᠣᠯᠭᠠᠬᠤ ᠬᠡᠷᠡᠭᠲᠡᠢ᠃ ᠰᠤᠷᠭᠠᠭᠤᠯᠢ ᠶᠢᠨ ᠵᠠᠬᠢᠷᠤᠯ ᠨᠠᠷ ᠡᠷᠬᠡᠪᠰᠢ ᠣᠳᠣᠬᠠᠨ ᠤ ᠰᠤᠷᠭᠠᠨ ᠬᠥᠮᠦᠵᠢᠯ ᠤᠨ ᠬᠠᠨᠳᠤᠰᠢ ᠶᠢ ᠭᠦᠨᠵᠡᠭᠡᠢ ᠣᠶᠢᠯᠠᠭᠠᠵᠤ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠵᠡᠯᠲᠡ ᠪᠠᠨ ᠪᠤᠢ ᠪᠣᠯᠭᠠᠵᠤ᠂ ᠰᠤᠷᠭᠠᠨ ᠬᠥᠮᠦᠵᠢᠯ ᠤᠨ ᠬᠤᠪᠢᠰᠤᠯᠲᠠ ᠶᠢᠨ ᠤᠳᠤᠷᠢᠳᠬᠤ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠡᠢ︔ ᠡᠷᠬᠡᠪᠰᠢ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ᠂ ᠤᠨᠴᠠᠯᠢᠭᠳᠤ ᠬᠢᠴᠢᠶᠡᠯ ᠤᠨ ᠲᠠᠩᠬᠢᠮ ᠢ ᠴᠣᠭᠴᠠᠯᠠᠬᠤ ᠵᠡᠷᠭᠡ ᠲᠠᠯ᠎ᠠ ᠪᠠᠷ ᠰᠤᠷᠭᠠᠭᠤᠯᠢ ᠶᠢᠨ ᠰᠢᠰᠲ᠋ᠧᠮᠵᠢ ᠪᠠᠨ ᠪᠠᠶᠢᠭᠤᠯᠬᠤ ᠬᠡᠷᠡᠭᠲᠡᠢ︔ ᠰᠤᠷᠭᠠᠭᠤᠯᠢ ᠶᠢᠨ ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠤᠷᠭᠠᠭᠤᠯᠢ ᠶᠢᠨ ᠭᠤᠷᠪᠠᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠭᠤᠯᠤᠭᠳᠠᠬᠤᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠭᠤᠯᠢ ᠶᠢᠨ ᠡᠷᠡᠭᠦᠯ ᠪᠥᠭᠡᠳ ᠡᠶ᠎ᠡ ᠵᠣᠬᠢᠴᠠᠯ ᠲᠠᠢ ᠦᠷᠭᠦᠯᠵᠢᠯᠡᠨ ᠬᠥᠭᠵᠢᠬᠦ ᠪᠠᠨ ᠠᠬᠢᠭᠤᠯᠬᠤ ᠬᠡᠷᠡᠭᠲᠡᠶ᠃      ᠲᠤᠰ ᠤᠳᠠᠭᠠᠨ ᠤ ᠬᠤᠷᠠᠯ ᠠᠴᠠ ᠰᠤᠷᠭᠠᠭᠤᠯᠢ ᠶᠢᠨ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠴᠢᠩᠭᠠᠳᠬᠠᠵᠤ᠂ 2023 ᠣᠨ ᠤ ᠪᠦᠬᠦ ᠣᠷᠣᠨ ᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢ ᠶᠢ ᠰᠢᠯᠭᠠᠨ ᠠᠪᠬᠤ ᠪᠠᠷᠢᠮᠵᠢᠶ᠎ᠠ ᠳᠤ ᠬᠦᠷᠭᠡᠬᠦ ᠠᠵᠢᠯ ᠤᠨ ᠬᠠᠷᠠᠯᠲᠠ ᠶᠢ ᠲᠣᠳᠣᠷᠬᠠᠶᠢᠯᠠᠪᠠ᠃ ᠵᠢᠯ ᠤᠨ ᠠᠵᠢᠯ ᠬᠠᠪᠤᠷ ᠲᠠᠭᠠᠨ ᠡᠬᠢᠯᠡᠵᠦ᠂ ᠡᠬᠢᠯᠡᠯᠲᠡ ᠳᠤ ᠵᠣᠷᠢᠭ ᠰᠠᠨᠠᠭ᠎ᠠ ᠢᠯᠡᠷᠡᠨ᠎ᠡ᠃ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯᠲᠠᠳ ᠲᠤᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂  ︽ᠡᠬᠢᠯᠡᠯᠲᠡ ᠪᠣᠯ ᠰᠢᠪᠲᠤᠯᠤᠯᠲᠠ ᠮᠥᠨ︾ ᠭᠡᠬᠦ ᠵᠣᠷᠢᠭ ᠰᠠᠨᠠᠭ᠎ᠠ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ︽ᠬᠤᠷᠳᠤᠳᠬᠠᠯ︾᠎ ᠢᠶᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃

教育系统.png

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号