ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠠᠶᠢᠪᠸᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠦᠬᠠᠶ ᠬᠤᠲᠠ ᠶᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ ᠤᠨ ᠠᠵᠢᠯ ᠢ ᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/28
      3 ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠠᠶᠢᠪᠸᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠦᠬᠠᠢ ᠬᠤᠳᠠ ᠶᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂ ᠬᠤᠣᠷ ᠲᠠᠲᠠᠬᠤ ᠶᠢ ᠵᠣᠭᠰᠣᠭᠠᠬᠤ ᠭᠠᠵᠠᠷ ᠤᠨ ᠠᠵᠢᠯ ᠤᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠲᠣᠭᠤᠷᠢᠭ ᠲᠤ ᠭᠦᠨᠵᠡᠭᠡᠶᠢᠷᠡᠵᠦ᠂ ᠲᠠᠪᠤᠨ ᠶᠡᠭᠡ ᠲᠥᠪ᠂ ᠤᠷᠠᠨ ᠪᠢᠴᠢᠯᠭᠡ ᠶᠢᠨ ᠰᠣᠶᠣᠯ ᠢ ᠪᠡᠶᠡᠴᠢᠯᠡᠨ ᠣᠶᠢᠯᠠᠭᠠᠬᠤ ᠣᠷᠳᠣᠨ᠂ ᠮᠡᠳᠡᠭᠡ ᠵᠠᠩᠭᠢ ᠶᠢᠨ ᠵᠢᠯᠣᠭᠤᠳᠬᠤ ᠲᠥᠪ ᠵᠡᠷᠭᠡ ᠳᠤ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠲᠠᠯᠠᠪᠤᠷ ᠤᠨ ᠰᠣᠶᠣᠯ᠂ ᠵᠢᠷᠤᠮᠵᠢᠭᠰᠠᠨ᠂ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠪᠠᠶᠢᠳᠠᠯ ᠢ ᠨᠢ ᠨᠠᠷᠢᠨ ᠣᠶᠢᠯᠠᠭᠠᠵᠤ᠂ ︽ᠣᠶᠤᠨᠴᠢ ᠪᠠᠷ ᠬᠤᠤᠷ ᠲᠠᠲᠠᠬᠤ ᠶᠢ ᠵᠣᠭᠰᠣᠭᠠᠬᠤ︾ ᠪᠠᠶᠢᠭᠤᠯᠤᠯᠲᠠ᠂ ᠰᠢᠨᠵᠢᠯᠡᠬᠦ ᠤᠬᠠᠭᠠᠨᠴᠢ ᠪᠠᠷ ᠴᠢᠩᠭ᠎ᠠ ᠰᠡᠷᠭᠡᠶᠢᠯᠡᠬᠦ ᠶᠢ ᠥᠷᠨᠢᠭᠦᠯᠦᠭᠰᠡᠨ ᠪᠠᠶᠢᠳᠠᠯ ᠤᠨ ᠲᠤᠬᠠᠶ ᠤᠳᠤᠷᠢᠳᠤᠯᠭ᠎ᠠ ᠪᠣᠯᠤᠨ ᠠᠷᠠᠳ ᠤᠨ ᠴᠠᠭᠳᠠᠭ᠎ᠠ ᠯᠤᠭ᠎ᠠ ᠰᠠᠨᠠᠯ ᠢᠶᠠᠨ ᠰᠣᠯᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠦᠬᠠᠶ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠩ ᠬᠠᠶ ᠵᠢᠶᠦ᠋ᠨ ᠲᠣᠪᠴᠢᠶᠠᠨ ᠳᠠᠷᠤᠭ᠎ᠠ ᠦᠬᠠᠶ ᠬᠤᠲᠠ ᠶᠢᠨ ᠬᠤᠤᠷ ᠲᠠᠲᠠᠬᠤ ᠶᠢ ᠵᠣᠭᠰᠣᠭᠠᠬᠤ ᠭᠠᠵᠠᠷ ᠤᠨ ᠦᠨᠳᠦᠰᠦᠨ ᠲᠦᠢᠮᠣ ᠪᠠᠶᠢᠳᠠᠯ ᠢ ᠨᠢ ᠲᠠᠨᠢᠯᠴᠠᠭᠤᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠢᠴᠢ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠎ ᠨᠢ ᠨᠠᠷᠢᠨ ᠲᠠᠨᠢᠯᠴᠠᠭᠤᠯᠵᠤ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠭᠢ ᠶᠢᠨ ᠬᠢᠨ ᠬᠠᠶᠢᠷᠤᠪ ᠤᠨ ᠲᠣᠬᠤᠢ ᠲᠣᠭᠤᠷᠢᠭ ᠤᠨ ᠬᠤᠤᠷ ᠴᠠᠭᠠᠵᠠᠯᠠᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠮᠠᠨ ᠤ ᠬᠤᠲᠠ ᠶᠢᠨ ᠬᠤᠤᠷ ᠲᠠᠲᠠᠬᠤ ᠶᠢ ᠵᠣᠭᠰᠣᠭᠠᠬᠤ ᠠᠵᠢᠯ ᠤᠨ ᠲᠤᠬᠠᠶ ᠢᠳᠡᠪᠬᠢᠲᠡᠶ ᠠᠰᠠᠭᠤᠯᠲᠠ ᠳᠤᠷᠠᠳᠴᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃      ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠫᠧᠩ ᠮᠢᠩ ᠯᠢᠨ ᠡᠩ ᠲᠡᠷᠢᠭᠦᠨ ᠳᠤ ᠮᠠᠨ ᠤ ᠬᠤᠲᠠ ᠶᠢᠨ ᠬᠤᠤᠷ ᠲᠠᠲᠠᠬᠤ ᠶᠢ ᠵᠣᠭᠰᠣᠭᠠᠬᠤ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠳᠭᠡᠪᠡ᠂ ᠲᠡᠷᠡ ᠴᠢᠬᠤᠯᠠᠴᠢᠯᠠᠭᠰᠠᠨ ᠨᠢ᠂ ᠬᠤᠤᠷ ᠴᠠᠭᠠᠵᠠᠯᠠᠬᠤ ᠠᠵᠢᠯ ᠪᠣᠯ ᠬᠤᠤᠷ ᠲᠠᠲᠠᠬᠤ ᠶᠢ ᠵᠣᠭᠰᠣᠭᠠᠬᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠂ ᠬᠤᠤᠷ ᠴᠠᠭᠠᠵᠠᠯᠠᠬᠤ ᠠᠵᠢᠯ ᠳᠤ ᠴᠢᠭᠯᠡᠭᠦᠯᠦᠨ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠤᠷ ᠴᠠᠭᠠᠵᠠᠯᠠᠬᠤ ᠠᠵᠢᠯ ᠤᠨ ᠴᠢᠬᠤᠯᠠ ᠴᠢᠨᠠᠷ ᠢᠶᠠᠨ ᠭᠦᠢᠴᠡᠳ ᠲᠠᠨᠢᠵᠦ᠂ ᠪᠥᠬᠦ ᠨᠡᠶᠢᠭᠡᠮ ᠢᠶᠠᠷ ᠢᠶᠠᠨ ᠬᠤᠤᠷ ᠴᠠᠭᠠᠵᠠᠯᠠᠬᠤ ᠠᠵᠢᠯ ᠢ ᠠᠩᠬᠠᠷᠬᠤ ᠠᠭᠤᠷ ᠠᠮᠢᠰᠬᠤᠯ ᠢ ᠪᠣᠶ ᠪᠣᠯᠭᠠᠨ᠎ᠠ︔ ᠭᠤᠷᠪᠠ ᠳᠤ᠂ ᠡᠯ᠎ᠡ ᠲᠠᠯ᠎ᠠ ᠶᠢᠨ ᠬᠦᠴᠦᠨ ᠢᠶᠠᠨ ᠳᠠᠶᠢᠴᠢᠯᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠴᠤ ᠴᠢᠩᠭ᠎ᠠ ᠴᠣᠬᠢᠯᠲᠠ ᠥᠭᠬᠦ ᠪᠠᠶᠢᠳᠠᠯ ᠢ  ᠪᠤᠢ ᠪᠣᠯᠭᠠᠨ᠎ᠠ᠃ ᠪᠢᠳᠡ ᠨᠡᠶᠢᠭᠡᠮ ᠳᠠᠶᠠᠭᠠᠷ ᠢᠶᠠᠨ ᠬᠤᠤᠷᠲᠤ ᠡᠳ᠋ ᠢ ᠴᠠᠭᠠᠵᠠᠯᠠᠬᠤ ᠠᠵᠢᠯ ᠢᠶᠠᠨ ᠴᠢᠬᠤᠯᠠ ᠪᠠᠶᠢᠷᠢᠨ ᠳᠤ ᠲᠠᠯᠪᠢᠨ ᠠᠳᠬᠤᠵᠤ᠂ ᠠᠵᠢᠯ ᠤᠨ ᠳᠦᠷᠢᠮ ᠢᠶᠠᠨ ᠪᠦᠷᠢᠨ ᠪᠣᠯᠭᠠᠨ᠂ ᠠᠵᠢᠯ ᠤᠨ ᠡᠭᠦᠷᠭᠡ ᠪᠠᠨ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠦᠬᠠᠶ ᠬᠤᠲᠠ ᠶᠢᠨ ᠬᠤᠤᠷᠲᠤ ᠡᠳ᠋ ᠢ ᠴᠠᠭᠠᠵᠠᠯᠠᠬᠤ ᠠᠵᠢᠯ ᠢᠶᠠᠨ ᠨᠠᠩ ᠰᠠᠶᠢᠲᠤᠷ ᠨᠠᠩ ᠪᠦᠷᠢᠨ ᠲᠡᠭᠦᠯᠳᠡᠷ ᠪᠣᠯᠭᠠᠬᠤ ᠬᠡᠷᠡᠭᠲᠡᠶ ᠬᠡᠵᠡᠢ᠃

1679623440175001996.png

1679623440165045852.png

   

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号