ᠰᠤᠶᠤᠯ ᠤᠨ ᠭᠡᠷᠡᠯ ᠬᠠᠶᠢᠷᠤᠪ ᠤᠨ ᠲᠣᠬᠤᠢ ᠶᠢ ᠭᠡᠶᠢᠭᠦᠯᠤᠨ᠎ᠠ ᠁
ᠨᠡᠶᠢᠲᠡᠯᠡᠭᠰᠡᠨ ᠴᠠᠭ᠄
2023/3/29
      ᠬᠠᠶᠢᠷᠤᠪ ᠤᠨ ᠲᠤᠬᠤᠢ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ ᠭᠡᠬᠦ ᠡᠨᠡᠬᠦ ᠭᠤᠣᠯ ᠰᠡᠳᠦᠪ ᠢ ᠰᠤᠷᠤᠯᠴᠠᠨ ᠤᠬᠠᠭᠤᠯᠬᠤ ᠲᠠᠢ ᠨᠢᠭᠲᠠ ᠤᠶᠠᠯᠳᠤᠭᠤᠯᠵᠤ᠂ ᠰᠣᠶᠣᠯ ᠢᠶᠠᠷ ᠬᠦᠴᠦᠨ ᠢᠶᠠᠨ ᠲᠥᠪᠯᠡᠷᠡᠭᠦᠯᠵᠦ᠂ ᠰᠣᠶᠣᠯ ᠢᠶᠠᠷ ᠰᠡᠳᠬᠢᠯ ᠢᠶᠠᠨ ᠤᠮᠳᠠᠯᠠᠬᠤ ᠪᠠᠨ ᠪᠠᠷᠢᠮᠲᠠᠯᠠᠵᠤ᠂ ᠤᠳᠬ᠎ᠠ ᠤᠷᠠᠯᠢᠭ ᠤᠨ ᠬᠦᠴᠦᠨ ᠢᠶᠠᠷ ᠴᠠᠭ ᠦᠶ᠎ᠡ ᠶᠢᠨ ᠪᠦᠷᠢᠶ᠎ᠡ ᠪᠠᠨ ᠬᠠᠩᠭᠢᠨᠠᠭᠤᠯᠪᠠ᠃ ᠪᠥᠬᠦ  ᠲᠤᠭᠤᠷᠢᠭ 3800 ᠭᠠᠷᠤᠶ ᠤᠳᠬ᠎ᠠ ᠤᠷᠠᠯᠢᠭ ᠰᠣᠶᠣᠯ ᠤᠨ ᠠᠵᠢᠯᠲᠠᠨ᠂ ᠳᠤᠷ᠎ᠠ ᠪᠠᠭ᠋ᠠᠲᠠᠶ ᠬᠥᠮᠦᠨ᠂ ᠪᠠᠶᠢᠭᠤᠯᠭ᠎ᠠ᠂ ᠰᠤᠷᠭᠠᠭᠤᠯᠢ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠦᠯᠵᠢᠶ᠎ᠡ ᠵᠡᠷᠭᠡ ᠠᠳᠠᠯᠢ ᠪᠤᠰᠤ ᠬᠦᠷᠢᠶᠡᠨ ᠳᠤ ᠭᠦᠨᠵᠡᠭᠡᠶᠢᠷᠡᠨ ᠡᠯ᠎ᠡ ᠲᠥᠷᠥᠯ ᠤᠨ ᠠᠵᠢᠯᠯᠠᠭ᠎ᠠ ᠶᠢ 650 ᠭᠠᠷᠤᠶ ᠤᠳᠠᠭ᠎ᠠ ᠥᠷᠨᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 40 ᠭᠠᠷᠤᠶ ᠲᠦᠮᠡᠨ ᠬᠥᠮᠦᠨ ᠤᠳᠠᠭ᠎ᠠ ᠣᠷᠣᠯᠴᠠᠵᠤ᠂ ᠰᠣᠶᠣᠯ ᠤᠨ ᠬᠡᠷᠡᠯ ᠳᠤ ᠴᠤᠭ ᠰᠦᠯᠳᠡ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ ᠨᠢᠭᠲᠠᠷᠠᠭᠤᠯᠪᠠ᠃      ᠭᠤᠣᠯ ᠰᠡᠳᠦᠪᠲᠦ ᠤᠳᠭ᠎ᠠ ᠤᠷᠠᠯᠢᠭ ᠤᠨ ᠵᠣᠬᠢᠶᠠᠨ ᠪᠦᠲᠦᠭᠡᠯ ᠡᠯᠪᠡᠭ ᠦᠷ᠎ᠡ ᠪᠦᠲᠦᠭᠡᠯ ᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠠᠭᠤᠯᠭ᠎ᠠ ᠪᠠᠷ ᠭᠤᠣᠯᠯᠠᠭᠤᠯᠤᠨ ᠪᠣᠷᠣ ᠮᠠᠲ᠋ᠧᠷᠢᠶᠠᠯ ᠢᠶᠠᠨ ᠴᠣᠬᠤᠯᠠᠪᠤᠷᠢᠯᠠᠨ ᠬᠠᠷᠢᠭᠤᠯᠵᠤ᠂ ᠪᠠᠷ ᠵᠢᠷᠤᠭ᠂ ᠴᠠᠭᠠᠰᠤᠨ ᠬᠠᠶᠢᠴᠢᠯᠠᠮᠠᠯ᠂ ᠰᠢ ᠵᠦᠴᠦᠭᠡ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠲᠠᠢ ᠤᠶᠠᠯᠳᠤᠭᠤᠯᠤᠨ᠂ ᠨᠢᠭᠡ ᠪᠦᠯᠦᠭ ᠳᠤᠮᠳᠠᠳᠤ ᠶᠢᠨ ᠠᠭᠤᠯᠤᠭᠳᠠᠬᠤᠨ ᠲᠠᠢ᠂ ᠦᠨᠳᠦᠰᠦᠲᠡᠨ ᠨᠦᠭᠦᠳ ᠤᠨ ᠰᠣᠶᠣᠯ ᠤᠨ ᠰᠢᠮ᠎ᠡ ᠲᠡᠵᠢᠭᠡᠯ ᠢ ᠰᠢᠩᠭᠡᠭᠡᠨ ᠠᠪᠤᠭᠰᠠᠨ᠂ ᠣᠳᠣ ᠦᠶ᠎ᠡ ᠶᠢᠨ ᠪᠣᠯᠪᠠᠰᠤᠨ ᠎ ᠲᠠᠢ ᠠᠭᠤᠰᠤᠯᠴᠠᠭᠤᠯᠤᠭᠰᠠᠨ 500 ᠭᠠᠷᠤᠶ ᠰᠣᠳᠣᠨ ᠪᠦᠲᠦᠭᠡᠯ ᠵᠣᠬᠢᠶᠠᠨ ᠪᠦᠲᠦᠭᠡᠪᠡ᠃ ᠣᠳᠣᠬᠠᠨ ᠳᠤ᠂ ᠶᠠᠭ ᠰᠢ ᠵᠦᠴᠦᠭᠡ᠂ ᠤᠷᠠᠨ ᠪᠢᠴᠢᠯᠭᠡ᠂ ᠳᠠᠭᠤᠷᠢᠯᠢᠭ ᠤᠨ ᠤᠷᠠᠯᠠᠯ ᠢ ᠨᠢᠭᠡ ᠴᠤᠬᠴᠠᠵᠢᠭᠤᠯᠤᠬᠰᠠᠨ MV ︽ᠴᠢᠰᠤᠨ ᠰᠤᠳᠠᠰᠤᠨ ᠳᠤ ᠳᠤᠮᠳᠠᠳᠤ ᠤᠯᠤᠰ ᠤᠨ ᠤᠯᠠᠭᠠᠨ ᠲᠤᠤᠯᠢᠰ︾᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾᠎ ᠤᠨ ᠵᠢᠷᠤᠭ ᠵᠡᠷᠭᠡ ᠶᠢ ᠪᠠᠶᠢᠭᠤᠯᠵᠤ ᠪᠠᠶᠢᠨ᠎ᠠ᠃      ᠣᠨᠴᠠᠯᠢᠭᠲᠤ ᠰᠣᠶᠣᠯ ᠤᠨ ᠠᠵᠢᠯᠯᠠᠭ᠎ᠠ ᠦᠨᠳᠦᠰᠦᠨ ᠱᠠᠲᠤᠨ ᠳᠤ ᠭᠦᠨᠵᠡᠭᠡᠶᠢᠷᠡᠪᠡ᠃ ︽ᠠᠷᠠᠳ ᠲᠦᠮᠡᠨ ᠤ ᠳᠤᠮᠳᠠ ᠦᠨᠳᠦᠰᠦᠯᠡᠨ᠂ ᠠᠮᠢᠳᠤᠷᠠᠯ ᠳᠤ ᠦᠨᠳᠦᠰᠦᠯᠡᠬᠦ︾᠂ ︽ᠠᠷᠠᠳ ᠲᠦᠮᠡᠨ ᠤ ᠳᠤᠮᠳᠠ ᠣᠴᠢᠬᠤ︾᠎ ᠶᠢ ᠪᠠᠷᠢᠮᠲᠠᠯᠠᠵᠤ᠂ ᠴᠠᠭᠠᠨ ᠰᠠᠷ᠎ᠠ ᠶᠢᠨ ᠦᠳᠡᠰᠢᠯᠡᠭᠡ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠵᠢᠯᠣᠭᠤᠴᠢ ᠥᠬᠡᠶ ᠨᠢᠰᠬᠡᠯ ᠤᠨ ᠳ᠋ᠧᠩ ᠤᠨ ᠦᠵᠡᠰᠬᠦᠯᠡᠩ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠵᠡᠷᠭᠡ ᠲᠣᠮᠣ ᠬᠡᠯᠪᠡᠷᠢ ᠶᠢᠨ ᠤᠳᠬ᠎ᠠ ᠤᠷᠠᠯᠢᠭ ᠤᠨ ᠠᠵᠢᠯᠯᠠᠭ᠎ᠠ ᠪᠠᠨ ᠰᠢᠨ᠎ᠡ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ 11 ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠦᠨᠳᠦᠰᠦᠨ ᠱᠠᠲᠤᠨ ᠳᠤ ᠬᠦᠷᠴᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠪᠠ᠃      ᠵᠢᠭᠰᠠᠭᠠᠯ ᠵᠢᠭᠰᠠᠵᠤ ᠤᠬᠠᠭᠤᠯᠬᠤ ᠨᠢ ᠬᠥᠮᠦᠨ ᠤ ᠰᠡᠳᠭᠢᠯ ᠢ ᠲᠤᠯᠠᠭᠠᠴᠠᠭᠤᠯᠤᠨ᠎ᠠ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠡᠯ᠎ᠡ ᠰᠠᠯᠠᠭ᠎ᠠ ᠮᠥᠴᠢᠷ ᠪᠣᠯᠤᠨ ᠡᠯ᠎ᠡ ᠲᠦᠷᠦᠯ ᠤᠨ ᠤᠳᠬ᠎ᠠ ᠤᠷᠠᠯᠢᠭ ᠤᠨ ᠪᠦᠯᠬᠦᠮ ᠤᠨ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠵᠡᠷᠭᠡᠪᠡᠷ ᠤᠷᠤᠭᠰᠢᠯᠠᠵᠤ᠂ ︽ᠬᠥᠨᠳᠡᠯᠡᠨ ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ︾ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠤᠳᠬ᠎ᠠ ᠤᠷᠠᠯᠢᠭ ᠤᠨ ᠤᠬᠠᠭᠤᠯᠭ᠎ᠠ ᠶᠢᠨ ᠵᠢᠭᠰᠠᠭᠠᠯ ᠢᠶᠠᠨ ᠪᠦᠷᠢᠯᠳᠦᠭᠦᠯᠵᠦ᠂ ︽ᠤᠯᠠᠨ ᠲᠦᠮᠡᠨ ᠤ ᠲᠠᠪᠴᠠᠩ︾᠂ ︽ᠪᠦᠬᠦ ᠠᠷᠠᠳ ᠢᠶᠠᠷ ᠢᠶᠠᠨ ᠨᠣᠮ ᠤᠩᠰᠢᠬᠤ︾ ᠭᠤᠣᠯ ᠰᠡᠳᠦᠪᠲᠦ ᠤᠩᠰᠢᠯᠭ᠎ᠠ᠂ ᠨᠣᠮ ᠪᠢᠴᠢᠭ ᠢ ᠬᠤᠪᠢᠶᠠᠯᠴᠠᠨ ᠡᠳ᠋ᠯᠡᠬᠦ᠂ ᠲᠠᠶᠢᠰᠠᠨ ᠤ ᠵᠦᠴᠦᠭᠡ ᠶᠢᠨ ᠲᠣᠭᠯᠠᠯᠲᠠ ᠵᠡᠷᠭᠡ ᠪᠠᠶᠢᠩᠭᠤ ᠶᠢᠨ ᠤᠬᠠᠭᠤᠯᠭ᠎ᠠ ᠪᠠᠷ ᠳᠠᠮᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠤᠶᠤᠨ ᠰᠠᠨᠠᠭᠠᠨ ᠤ ᠬᠦᠴᠦᠨ ᠪᠣᠯᠭᠠᠨ ᠬᠤᠪᠢᠷᠠᠭᠤᠯᠬᠤ ᠪᠠᠨ ᠠᠬᠢᠭᠤᠯᠪᠠ᠃
微信图片_20230329173335.jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号