ᠬᠠᠶᠢᠷᠤᠪ ᠤᠨ ᠲᠣᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠰᠤᠷᠭᠠᠭᠤᠯᠢ ᠶᠢᠨ ᠬᠦᠷᠢᠶᠡᠨ ᠳᠤ ᠣᠷᠣᠪᠠ
ᠨᠡᠶᠢᠲᠡᠯᠡᠭᠰᠡᠨ ᠴᠠᠭ᠄
2023/3/31
      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠤᠶᠢᠯᠡᠴᠢᠯᠡᠭᠡᠨ ᠤ ᠲᠥᠪ ᠤᠨ ᠪᠥᠬᠦ ᠰᠤᠷᠤᠯᠴᠠᠯᠭ᠎ᠠ ᠶᠢ ᠬᠢᠨᠠᠨ ᠪᠠᠶᠢᠴᠠᠭᠠᠬᠤ ᠡᠷᠬᠢᠯᠡᠭᠴᠢ ᠪᠠᠷ ᠳᠠᠭᠠᠭᠤᠯᠤᠨ᠂ ᠲᠣᠰ ᠲᠣᠰ ᠦᠬᠠᠶ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠲᠠᠪᠤᠳᠤᠭᠠᠷ ᠳᠤᠮᠳᠠᠳᠤ ᠰᠤᠷᠭᠠᠭᠤᠯᠢ᠂ ᠬᠠᠶᠢᠷᠤᠪ ᠤᠨ ᠲᠣᠬᠤᠶ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ ᠵᠡᠷᠭᠡ 11 ᠰᠤᠷᠭᠠᠭᠤᠯᠢ ᠳᠤ ᠭᠦᠨᠵᠡᠭᠡᠶᠢᠷᠡᠵᠦ᠂ ᠰᠤᠷᠭᠠᠭᠤᠯᠢ ᠶᠢᠨ ︽ᠬᠠᠶᠢᠷᠤᠪ ᠤᠨ ᠲᠣᠬᠤᠶ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠭᠰᠠᠨ ᠤ ᠳᠠᠷᠠᠭ᠎ᠠ ᠬᠠᠷᠢᠭᠤ ᠲᠤᠰᠬᠠᠭᠰᠠᠨ ᠰᠠᠨᠠᠯ︾ ᠶᠣᠰᠣᠭᠠᠷ ᠴᠡᠭᠴᠡᠯᠡᠨ ᠰᠠᠶᠢᠵᠢᠷᠠᠭᠤᠯᠬᠤ ᠲᠤᠰᠬᠠᠶ ᠠᠩᠭᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠬᠤ ᠵᠢᠴᠢ ᠡᠯ᠎ᠡ ᠰᠤᠷᠭᠠᠭᠤᠯᠢ ᠶᠢᠨ ᠴᠡᠭᠴᠡᠯᠡᠨ ᠰᠠᠶᠢᠵᠢᠷᠠᠭᠤᠯᠬᠤ ᠠᠬᠢᠴᠠ ᠵᠡᠷᠭᠡ ᠠᠰᠠᠭᠤᠳᠠᠯ ᠤᠨ ᠲᠤᠬᠠᠶ ᠰᠢᠮᠳᠠᠭᠤᠯᠤᠨ ᠪᠠᠶᠢᠴᠠᠭᠠᠯᠲᠠ ᠬᠢᠪᠠ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠬᠠᠶᠢᠷᠤᠪ ᠤᠨ ᠲᠤᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ︾᠎ ᠳᠠᠬᠢ ᠡᠯ᠎ᠡ ᠰᠤᠷᠭᠠᠭᠤᠯᠢ ᠶᠢᠨ ᠪᠣᠳᠠᠲᠠᠢ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠵᠤ᠂ ᠰᠤᠷᠭᠠᠭᠤᠯᠢ ᠶᠢᠨ ᠬᠠᠷᠢᠭᠤ ᠮᠡᠳᠡᠭᠦᠯᠦᠯᠲᠡ ᠶᠢ ᠨᠢ ᠰᠣᠨᠣᠰᠴᠤ᠂ ᠵᠦᠢᠯ ᠵᠤᠷᠪᠤᠰ ᠳᠠᠷᠠᠭᠠᠯᠠᠨ ᠠᠰᠠᠭᠤᠨ ᠯᠠᠪᠯᠠᠵᠤ᠂ ᠬᠢᠨᠠᠨ ᠬᠠᠷᠭᠤᠭᠤᠯᠬᠤ ᠶᠢᠨ ᠬᠠᠮᠲᠤ ᠲᠤᠬᠠᠢ ᠶᠢᠨ ᠭᠠᠵᠠᠷ ᠲᠤᠨᠢ  ᠪᠠᠶᠢᠴᠠᠭᠠᠨ ᠦᠵᠡᠪᠡ᠃      ᠰᠢᠮᠳᠠᠭᠤᠯᠤᠨ ᠪᠠᠶᠢᠴᠠᠭᠠᠬᠤ ᠳᠤᠮᠳᠠ᠂ ᠡᠯ᠎ᠡ ᠰᠤᠷᠭᠠᠭᠤᠯᠢ ᠬᠠᠷᠢᠭᠤ ᠲᠤᠰᠬᠠᠭᠰᠠᠨ ᠰᠠᠨᠠᠯ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠪᠣᠳᠠᠲᠠᠶ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠰᠤᠷᠭᠠᠭᠤᠯᠢ ᠶᠢᠨ ᠴᠢᠳᠠᠪᠤᠷᠢ ᠪᠠᠨ ᠦᠨᠳᠦᠰᠦᠯᠡᠨ ᠬᠡᠰᠡᠭ ᠠᠰᠠᠭᠤᠳᠠᠯ ᠢᠶᠠᠨ ᠰᠢᠢᠳᠪᠦᠷᠢᠯᠡᠵᠦ᠂ ᠣᠨᠴᠠ ᠵᠠᠷᠢᠮ ᠬᠢᠴᠢᠶᠡᠯ ᠤᠨ ᠬᠡᠷ ᠢᠶᠠᠨ ᠨᠡᠪᠲᠡᠷᠡᠭᠦᠯᠬᠦ᠂ ᠡᠮᠬᠢᠯᠡᠨ ᠨᠡᠶᠢᠯᠡᠭᠦᠯᠬᠦ᠂ ᠵᠠᠰᠠᠵᠤ ᠴᠢᠮᠡᠭᠯᠡᠬᠦ ᠵᠡᠷᠭᠡ ᠢᠨᠵᠧᠨᠧᠷᠢᠩ ᠢ ᠵᠢᠱᠢᠯᠲᠡ ᠪᠠᠷ ᠵᠣᠨ ᠤ ᠠᠮᠠᠷᠠᠯᠲᠠ ᠶᠢᠨ ᠬᠤᠭᠤᠴᠠᠭᠠᠨ ᠳᠤ ᠶᠠᠪᠤᠭᠳᠠᠭᠤᠯᠤᠨ᠎ᠠ᠂ ᠭᠡᠪᠡᠴᠦ ᠬᠠᠲᠠᠭᠤ ᠬᠡᠷᠡᠭᠰᠡᠯ ᠤᠨ ᠲᠥᠬᠦᠭᠡᠷᠦᠮᠵᠢ ᠨᠢ ᠬᠠᠭᠤᠴᠢᠷᠠᠭᠰᠠᠨ ᠪᠤᠶᠤ ᠰᠢᠨᠡᠳᠬᠡᠬᠦ᠂ ᠰᠤᠷᠭᠠᠭᠤᠯᠢ ᠠᠴᠠ ᠬᠡᠲᠦᠷᠡᠭᠰᠡᠨ ᠵᠠᠭᠪᠤᠷ᠂ ᠲᠤᠰᠬᠠᠶ ᠬᠥᠮᠥᠷᠭᠡ ᠶᠢᠨ ᠲᠠᠰᠤᠭ ᠢ ᠰᠢᠯᠵᠢᠭᠦᠯᠦᠨ ᠨᠡᠭᠦᠯᠭᠡᠵᠦ ᠳᠡᠶᠢᠯᠬᠦ ᠥᠬᠡᠶ ᠵᠡᠷᠭᠡ ᠪᠣᠯ ᠮᠥᠨ ᠬᠦ ᠰᠤᠷᠭᠠᠭᠤᠯᠢ ᠶᠢ ᠭᠠᠴᠢᠭᠳᠠᠭᠤᠯᠵᠤ ᠪᠠᠶᠢᠭ᠎ᠠ ᠬᠦᠴᠢᠷᠳᠡᠯ ᠪᠣᠯᠬᠤ ᠪᠣᠯᠬᠤᠷ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠥᠬᠦ ᠬᠦᠴᠦᠨ ᠢᠶᠠᠷ ᠢᠶᠠᠨ ᠳᠡᠮᠵᠢᠬᠦ ᠴᠢᠬᠤᠯᠠᠲᠠᠶ ᠪᠠᠶᠢᠬᠤ ᠶᠢ ᠤᠯᠵᠤ ᠮᠡᠳᠡᠪᠡ᠃      ᠱᠠᠯᠠᠪᠳᠠᠭᠤᠯᠤᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠣᠨᠴᠠᠭᠠᠶᠢᠯᠠᠨ ᠴᠢᠩᠭᠠᠳᠬᠠᠭᠰᠠᠨ ᠨᠢ᠂ ᠰᠤᠷᠭᠠᠭᠤᠯᠢ ᠨᠤᠭᠤᠳ ᠴᠢᠨᠠᠷ ᠰᠠᠶᠢᠲᠠᠢ ᠲᠡᠩᠴᠡᠭᠦᠷᠢᠲᠡᠢ ᠠᠵᠢᠯ ᠢᠶᠠᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠲᠠᠢ ᠪᠠᠶᠢᠵᠤ᠂ ᠢᠳᠡᠪᠬᠢᠲᠡᠢ ᠠᠵᠢᠯᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠠᠵᠢᠯ ᠤᠨ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠠᠢ᠃
1680140038053085040.png
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号