ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠦᠢᠯᠡᠳᠬᠦ ᠶᠢ ᠣᠯᠠᠨᠲᠠ ᠴᠠᠭᠠᠵᠠᠯᠠᠬᠤᠶ᠎ᠠ ᠪᠡᠷᠬᠡ ᠲᠤᠰᠬᠠᠢ ᠵᠠᠰᠠᠬᠤ ᠠᠵᠢᠯᠯᠠᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/31
      ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠤᠶᠢᠯᠡᠤᠡᠬᠦ ᠶᠢ ᠣᠯᠠᠨᠲᠠ ᠴᠠᠭᠠᠵᠠᠯᠠᠭᠰᠠᠨ ᠴᠤ ᠲᠠᠰᠤᠷᠠᠬᠤ ᠥᠬᠡᠶ ᠪᠠᠶᠢᠬᠤ ᠠᠰᠠᠭᠤᠳᠠᠯ ᠢ ᠨᠢ ᠦᠨᠡᠨ ᠬᠦ  ᠰᠢᠢᠤᠡᠪᠤᠷᠢᠯᠡᠬᠦ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ 3 ᠰᠠᠷ᠎ᠠ ᠶᠢᠨ 28᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠤᠶᠢᠯᠡᠤᠡᠬᠦ ᠶᠢ ᠣᠯᠠᠨᠲᠠ ᠴᠠᠭᠠᠵᠠᠯᠠᠭᠰᠠᠨ ᠴᠤ ᠲᠠᠰᠤᠷᠠᠬᠤ ᠥᠬᠡᠶ ᠲᠤᠰᠬᠠᠶ ᠵᠠᠰᠠᠬᠤ ᠠᠵᠢᠯᠯᠠᠭ᠎ᠠ ᠶᠢᠨ ᠲᠤᠰᠬᠠᠶ ᠠᠵᠢᠯ ᠤᠨ ᠬᠤᠷᠠᠯᠳᠤᠭᠠᠨ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠠᠪᠤᠳᠠᠯ ᠢ ᠣᠯᠠᠨᠲᠠ ᠴᠠᠭᠠᠵᠠᠯᠠᠬᠤᠶ᠎ᠠ ᠪᠡᠷᠬᠡ ᠲᠤᠰᠬᠠᠶ ᠵᠦᠢᠯ ᠤᠨ ᠵᠠᠰᠠᠯᠲᠠ ᠶᠢᠨ ᠠᠵᠢᠯᠯᠠᠭ᠎ᠠ ᠶᠢᠨ ᠲᠤᠬᠠᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢ ᠭᠦᠨᠵᠡᠭᠡᠢ ᠰᠤᠷᠤᠯᠴᠠᠬᠤ ᠪᠠᠨ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠣᠯᠠᠨᠲᠠ ᠴᠠᠭᠠᠵᠠᠯᠠᠬᠤᠶ᠎ᠠ ᠪᠡᠷᠬᠡ ᠲᠤᠰᠬᠠᠢ ᠵᠠᠰᠠᠯᠲᠠ ᠶᠢᠨ ᠠᠵᠢᠯᠯᠠᠭ᠎ᠠ ᠥᠷᠨᠢᠭᠦᠯᠬᠦ ᠶᠢᠨ ᠴᠢᠬᠤᠯᠠ ᠴᠢᠨᠠᠷ ᠢ ᠣᠶᠢᠯᠠᠭᠠᠬᠤ ᠬᠡᠷᠡᠭᠲᠡᠢ ᠭᠡᠵᠦ ᠱᠠᠭᠠᠷᠳᠠᠪᠠ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠤᠷᠠᠳᠤᠭᠰᠠᠨ ᠲᠤᠭ᠎ᠠ ᠪᠦᠷᠢᠳᠬᠡᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠨᠡᠨ ᠬᠤᠳᠠᠯ ᠢᠶᠠᠨ ᠠᠯᠳᠠᠭᠰᠠᠨ ᠪᠠ ᠬᠤᠳᠠᠯ ᠬᠠᠭᠤᠷᠮᠠᠭ ᠢᠶᠠᠨ ᠠᠯᠳᠠᠭᠰᠠᠨ ᠠᠰᠠᠭᠤᠳᠠᠯ ᠳᠤ ᠴᠢᠭᠯᠡᠭᠦᠯᠦᠨ ᠥᠪᠡᠷ ᠢᠶᠠᠨ ᠵᠠᠯᠠᠷᠠᠭᠤᠯᠵᠤ ᠥᠪᠡᠷ ᠲᠡᠭᠡᠨ ᠪᠠᠶᠢᠴᠠᠭᠠᠬᠤ ᠠᠵᠢᠯ ᠢᠶᠠᠨ ᠦᠨᠡᠨᠬᠦ ᠰᠠᠶᠢᠲᠤᠷ ᠬᠢᠵᠦ᠂ ᠡᠯ᠎ᠡ  ᠵᠤᠶᠢᠯ ᠤᠨ ᠠᠵᠢᠯ ᠤᠨ ᠪᠠᠶᠢᠷᠢᠯᠠᠭᠤᠯᠤᠯᠲᠠ ᠪᠠᠨ ᠪᠣᠳᠠᠲᠠᠶ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠰᠠᠭᠤᠳᠠᠯ ᠤᠨ ᠨᠠᠷᠢᠨ ᠲᠠᠩᠰᠠ ᠪᠠᠨ ᠪᠠᠶᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠠᠵᠢᠯ ᠢᠶᠠᠨ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠠᠶᠢᠴᠠᠭᠠᠬᠤ ᠶᠢᠨ ᠳᠠᠭᠠᠤ ᠵᠠᠰᠠᠵᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠵᠠᠰᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠠᠢ᠃      ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠳᠡᠳ᠋ ᠳᠠᠷᠤᠭ᠎ᠠ ᠯᠢᠦ ᠸᠧᠢ ᠨᠥᠬᠦᠷ ᠡᠯ᠎ᠡ ᠰᠤᠷᠭᠠᠭᠤᠯᠢ ᠶᠢᠨ ᠬᠢᠨ ᠬᠠᠷᠢᠭᠤᠴᠠᠯᠭ᠎ᠠ ᠨᠡᠬᠡᠮᠵᠢᠯᠡᠬᠦ ᠠᠵᠢᠯ ᠢᠶᠠᠨ ᠴᠢᠩᠭᠠᠳᠬᠠᠵᠤ᠂ ᠵᠠᠷᠤᠳᠠᠯ ᠤᠨ ᠲᠠᠩᠰᠠ᠂ ᠪᠠᠭᠰᠢ ᠠᠵᠢᠯᠳᠠᠨ ᠤ ᠦᠨᠳᠦᠰᠦᠨ ᠪᠠᠶᠢᠳᠠᠯ᠂ ᠬᠡᠦᠬᠡᠳ ᠤᠨ ᠴᠡᠴᠡᠷᠯᠢᠭ ᠡᠷᠬᠢᠯᠡᠬᠦ ᠠᠵᠢᠯᠯᠠᠭ᠎ᠠ᠂ ᠰᠤᠷᠭᠠᠨ ᠬᠥᠮᠦᠵᠢᠯ ᠤᠨ ᠲᠤᠰᠠᠯᠠᠮᠵᠢ ᠶᠢᠨ ᠡᠲᠡᠭᠡᠳ ᠵᠡᠷᠭᠡ ᠲᠤᠭ᠎ᠠ ᠪᠠᠷᠢᠮᠲᠠ ᠶᠢᠨ ᠪᠣᠳᠠᠲᠠᠢ ᠪᠠᠶᠢᠳᠠᠯ ᠳᠤ ᠨᠡᠶᠢᠴᠡᠬᠦ ᠦᠭᠡᠢ ᠪᠠᠶᠢᠬᠤ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠤᠭ᠎ᠠ ᠪᠦᠷᠢᠳᠬᠡᠯ ᠤᠨ ᠠᠵᠢᠯ ᠤᠨ ᠨᠢᠭᠤᠴᠠ ᠶᠢ ᠬᠠᠮᠠᠭᠠᠯᠠᠬᠤ ᠴᠢᠨᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠤᠴᠠ ᠶᠢ ᠬᠠᠮᠠᠭᠠᠯᠠᠬᠤ ᠲᠦᠷᠢᠮ ᠢᠶᠠᠨ ᠲᠡᠭᠦᠯᠳᠡᠷᠵᠢᠭᠦᠯᠦᠨ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠨᠢᠭᠤᠴᠠ ᠶᠢ ᠬᠠᠮᠠᠭᠠᠯᠠᠬᠤ ᠠᠵᠢᠯ ᠢᠶᠠᠨ ᠪᠣᠳᠠᠲᠠᠶ ᠪᠠᠷ ᠨᠠᠶᠢᠳᠠᠪᠤᠷᠢᠵᠢᠭᠤᠯᠵᠤ᠂ ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠵᠤ ᠬᠢᠨᠠᠨ ᠪᠠᠶᠢᠴᠠᠭᠠᠭᠰᠠᠨ ᠥᠬᠡᠶ᠂ ᠬᠠᠷᠢᠭᠤᠴᠠᠯᠭ᠎ᠠ ᠳᠠᠭᠠᠨ ᠣᠰᠣᠯᠳᠠᠭᠰᠠᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ  ᠰᠢᠢᠤᠡᠪᠤᠷᠢᠯᠡᠬᠦ ᠶᠢᠨ ᠬᠠᠮᠲᠤ ᠬᠠᠷᠢᠭᠤᠴᠠᠯᠭ᠎ᠠ ᠨᠡᠬᠡᠮᠵᠢᠯᠡᠨ᠎ᠡ ᠭᠡᠪᠡ᠃
1680052362889072543 (1).png
1680052386946058102 (1).png
   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号