ᠬᠠᠶᠢᠷᠤᠪ ᠤᠨ ᠲᠤᠬᠤᠢ ᠲᠣᠭᠤᠷᠢᠭ ᠤᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠦᠵᠡᠭᠦᠯᠦᠯᠭᠡ ᠶᠢᠨ ᠠᠳᠠᠯᠢᠳᠬᠠᠨ ᠰᠢᠯᠭᠠᠷᠠᠭᠤᠯᠬᠤ ᠠᠵᠢᠯ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/4/12
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ ︵2021 — 2025 ᠣᠨ︶︾᠎ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠱᠠᠲᠤᠨ ᠤ ᠥᠨᠳᠥᠷ ᠬᠡᠪ ᠪᠣᠯᠪᠠᠰᠤᠷᠠᠯ ᠲᠠᠢ ᠰᠢᠨ᠎ᠡ ᠶᠢ ᠡᠭᠦᠳᠬᠦ ᠬᠡᠯᠪᠡᠷᠢ ᠶᠢᠨ ᠤᠷᠠᠯᠢᠭ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠪᠠᠨ ᠴᠢᠨᠠᠭᠰᠢᠳᠠ ᠴᠢᠩᠭᠠᠳᠬᠠᠵᠤ᠂ 4 ᠰᠠᠷ᠎ᠠ ᠶᠢᠨ 8᠎ ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠥᠷᠨᠢᠭᠦᠯᠦᠭᠰᠡᠨ ᠠᠩᠬᠠᠳᠤᠭᠠᠷ ᠬᠤᠭᠤᠴᠠᠭᠠᠨ ᠤ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢ ᠳᠡᠯᠭᠡᠨ ᠦᠵᠡᠭᠦᠯᠵᠦ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠭᠤᠷᠪᠠᠳᠤᠭᠠᠷ ᠬᠡᠦᠬᠡᠳ ᠤᠨ ᠴᠡᠴᠡᠷᠯᠢᠭ ᠲᠤ ᠲᠡᠭᠦᠰ ᠠᠮᠵᠢᠯᠲᠠ ᠲᠠᠢ ᠥᠨᠳᠥᠷᠯᠡᠪᠡ᠃      ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 68 ᠨᠡᠷᠡᠰ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠲᠣᠰ ᠲᠣᠰ ᠤᠷᠠᠨ ᠪᠢᠴᠢᠯᠭᠡ᠂ ᠤᠷᠠᠨ ᠵᠢᠷᠤᠭ ᠪᠠ ᠳᠠᠭᠤᠤ ᠬᠥᠭᠵᠢᠮ ᠵᠡᠷᠭᠡ ᠭᠤᠷᠪᠠᠨ ᠲᠤᠰᠬᠠᠶ ᠲᠠᠯᠠᠪᠤᠷ ᠤᠨ ᠲᠤᠬᠠᠶ ᠶᠢᠨ ᠲᠠᠯᠠᠪᠤᠷ ᠤᠨ ᠤᠷ᠎ᠠ ᠴᠢᠳᠠᠪᠤᠷᠢ ᠶᠢᠨ ᠦᠵᠡᠭᠦᠯᠦᠯᠭᠡ ᠵᠢᠴᠢ ᠪᠦᠲᠦᠭᠡᠯ ᠤᠨ ᠰᠢᠯᠭᠠᠷᠠᠭᠤᠯᠤᠯᠲᠠ ᠳᠤ ᠣᠷᠣᠯᠴᠠᠵᠠᠶ᠃ ᠠᠵᠢᠯᠯᠠᠭᠠᠨ ᠤ ᠳᠤᠮᠳᠠ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠨᠠᠷ ᠳᠠᠭᠤᠯᠠᠬᠤᠶ᠂ ᠳᠠᠷᠤᠪᠴᠢ ᠪᠠᠷ ᠬᠥᠭᠵᠢᠮᠳᠡᠬᠦ᠂ ᠵᠢᠵᠢᠭ ᠬᠦᠭᠵᠢᠮᠳᠡᠬᠦᠷ ᠬᠥᠭᠵᠢᠮᠳᠡᠬᠦ᠂ ᠭᠠᠷ ᠢᠶᠠᠷ  ᠤᠶᠢᠯᠡᠤᠡᠬᠦ᠂ ᠵᠢᠷᠤᠭ ᠵᠢᠷᠤᠬᠤ᠂ ᠤᠷᠠᠨ ᠪᠢᠴᠢᠯᠭᠡ ᠵᠡᠷᠭᠡ ᠵᠤᠶᠢᠯᠡᠰ ᠢ ᠲᠥᠪᠯᠡᠷᠡᠭᠦᠯᠦᠨ ᠳᠡᠯᠭᠡᠨ ᠦᠵᠡᠭᠦᠯᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠠᠳᠠᠯᠢᠳᠬᠠᠨ ᠰᠢᠯᠭᠠᠷᠠᠭᠤᠯᠪᠠ᠃      ᠲᠣᠰ ᠤᠳᠠᠭᠠᠨ ᠤ ᠰᠢᠯᠭᠠᠷᠠᠭᠤᠯᠤᠯᠲᠠ ᠳᠤ ᠤᠷᠤᠯᠳᠤᠭᠠᠨ ᠢᠶᠠᠷ ︽ᠰᠤᠷᠭᠠᠨ ᠬᠥᠮᠦᠵᠢᠯ︾᠎ ᠢ ᠠᠬᠢᠭᠤᠯᠬᠤ᠂ ᠤᠷᠤᠯᠳᠤᠭᠠᠨ ᠢᠶᠠᠷ ︽ᠥᠭᠡᠷᠡᠴᠢᠯᠡᠯᠲᠡ︾᠎ ᠶᠢ ᠠᠬᠢᠭᠤᠯᠬᠤ᠂ ᠤᠷᠤᠯᠳᠤᠭᠠᠨ ᠢᠶᠠᠷ ︽ᠰᠤᠳᠤᠯᠭᠠᠨ︾᠎ ᠢ ᠠᠬᠢᠭᠤᠯᠬᠤ ᠪᠠᠷ ᠳᠠᠮᠵᠢᠭᠤᠯᠤᠨ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠨᠢ ᠠᠬᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ᠂ ᠲᠤᠰᠬᠠᠶ ᠮᠡᠷᠭᠡᠵᠢᠯ ᠤᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠬᠡᠪ ᠴᠢᠨᠠᠷ ᠢ ᠎ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠲᠤᠰᠬᠠᠶᠢᠵᠢᠭᠰᠠᠨ ᠬᠥᠭᠵᠢᠯᠲᠡ ᠶᠢ ᠨᠢ ᠠᠬᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠬᠢᠷᠢ ᠲᠦᠪᠰᠢᠨ ᠢ ᠨᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠨᠢ ᠨᠠᠩ ᠰᠠᠶᠢᠲᠤᠷ ᠳᠥᠯᠭᠢᠨ ᠠᠬᠢᠭᠤᠯᠤᠨ᠎ᠠ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠮᠦᠵᠢᠭᠦᠯᠬᠦ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠭᠰᠢ ᠶᠢᠨ ᠦᠰᠦᠨ ᠪᠤᠶᠢᠵᠢᠬᠤ ᠲᠠᠪᠴᠠᠩ ᠢᠶᠠᠨ ᠪᠠᠶᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠬᠥᠭᠵᠢᠯᠲᠡ ᠪᠠᠨ ᠠᠬᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠰᠠᠭᠤᠷᠢ ᠰᠤᠷᠭᠠᠨ ᠬᠥᠮᠦᠵᠢᠯ ᠤᠨ ᠱᠠᠲᠤᠨ ᠳᠠᠬᠢ ᠬᠥᠮᠦᠨ ᠬᠥᠮᠦᠵᠢᠭᠦᠯᠬᠦ ᠴᠢᠳᠠᠪᠬᠢ ᠪᠠᠨ ᠴᠢᠩᠭᠠᠳᠬᠠᠵᠤ᠂ ᠥᠨᠳᠥᠷ ᠲᠦᠪᠰᠢᠨ ᠲᠠᠢ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠡᠩᠨᠡᠭᠡ ᠪᠠᠨ ᠴᠢᠷᠮᠠᠶᠢᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃
1681119348434060389 (1).jpg
  
1681119368168043471.jpg
   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号