ᠬᠠᠶᠢᠷᠤᠪ ᠤᠨ ᠲᠤᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠰᠤᠳᠤᠯᠤᠨ ᠰᠤᠷᠤᠯᠴᠠᠬᠤ ᠠᠩᠬᠢ ︵ᠨᠢᠭᠡᠳᠦᠭᠡᠷ ᠬᠤᠭᠤᠴᠠᠭ᠎ᠠ︶ ᠵᠢᠶᠠᠩᠰᠦ ᠮᠤᠵᠢ ᠶᠢᠨ ᠬᠤᠶᠠᠳᠤᠭᠠᠷ ᠪᠠᠭᠰᠢ ᠶᠢᠨ ᠳᠡᠭᠡᠳᠦ ᠰᠤᠷᠭᠠᠭᠤᠯᠢ ᠳᠤ ᠵᠢᠩᠬᠢᠨᠢ ᠪᠠᠷ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/4/13
      ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠶᠢᠨ ᠲᠥᠯᠥᠭᠡ᠂ 4 ᠰᠠᠷ᠎ᠠ ᠶᠢᠨ 10᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠰᠤᠳᠤᠯᠤᠨ ᠰᠤᠷᠤᠯᠴᠠᠬᠤ ᠠᠩᠬᠢ ︵ᠨᠢᠭᠡᠳᠦᠭᠡᠷ ᠬᠤᠭᠤᠴᠠᠭ᠎ᠠ︶ ᠵᠢᠶᠠᠩᠰᠦ ᠮᠤᠵᠢ ᠶᠢᠨ ᠬᠤᠶᠠᠳᠤᠭᠠᠷ ᠪᠠᠭᠰᠢ ᠶᠢᠨ ᠳᠡᠭᠡᠳᠦ ᠰᠤᠷᠭᠠᠭᠤᠯᠢ ᠳᠤ ᠵᠢᠩᠬᠢᠨᠢ ᠪᠠᠷ ᠬᠢᠴᠢᠶᠡᠯ ᠡᠬᠢᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠦ ᠶᠠᠨ ᠲᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠯ ᠯᠢ ᠬᠤᠸᠠ ᠰᠤᠷᠤᠯᠭᠠᠲᠠᠨ ᠢᠶᠠᠨ ᠲᠥᠯᠥᠭᠡᠯᠡᠨ ᠣᠪᠣᠷ ᠢᠶᠠᠨ ᠢᠯᠡᠳᠬᠡᠬᠦ ᠦᠭᠡ ᠬᠡᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠵᠠᠩ ᠴᠦᠨ ᠫᠢᠩ᠂ ᠳᠡᠳ᠋ ᠲᠣᠪᠴᠢᠶᠠᠨ ᠳᠠᠷᠤᠭ᠎ᠠ ᠰᠢᠶᠧ ᠵᠢᠢ ᠶᠧ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ 39 ᠵᠠᠬᠢᠷᠤᠯ ᠲᠤᠰ ᠤᠳᠠᠭ᠎ᠠ ᠶᠢᠨ ᠰᠤᠳᠤᠯᠤᠨ ᠰᠤᠷᠤᠯᠴᠠᠬᠤ ᠠᠩᠬᠢ ᠳᠤ ᠣᠷᠣᠯᠴᠠᠪᠠ᠃      ᠠᠩᠭᠢ ᠡᠬᠢᠯᠡᠬᠦ ᠶᠣᠰᠣᠯᠠᠯ ᠳᠡᠭᠡᠷ᠎ᠡ᠂ ᠸᠠᠩ ᠱᠤ᠋ ᠶᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ︔ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠰᠤᠷᠭᠠᠭᠤᠯᠢ ᠶᠢ ᠵᠠᠰᠠᠬᠤ ᠳᠠᠭᠠᠨ ᠠᠷᠭ᠎ᠠ ᠲᠠᠢ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠡᠷᠬᠢᠮ ᠳᠡᠭᠡᠳᠦ ᠵᠠᠩ ᠮᠣᠷᠠᠯ ᠲᠠᠢ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢ ᠪᠠᠶᠢᠭᠤᠯᠬᠤ ᠬᠡᠷᠡᠭᠲᠡᠢ ︔ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠪᠠᠨ ᠪᠠᠲᠤ ᠡᠵᠡᠮᠳᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠲᠡᠷᠡ᠂ ᠪᠦᠬᠦ ᠰᠤᠷᠤᠯᠭᠠᠲᠠᠨ ᠰᠤᠷᠤᠯᠴᠠᠯᠭ᠎ᠠ᠂ ᠠᠮᠢᠳᠤᠷᠠᠯ᠂ ᠭᠠᠳᠠᠭᠰᠢ ᠭᠠᠷᠬᠤ ᠵᠡᠷᠭᠡ ᠡᠯ᠎ᠡ ᠵᠦᠢᠯ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠠᠵᠠ ᠲᠣᠬᠢᠶᠠᠯ ᠢᠶᠠᠨ ᠨᠠᠨᠳᠢᠩᠨᠠᠵᠤ᠂ ᠨᠠᠷᠢᠨ ᠬᠢᠨᠠᠮᠠᠭᠠᠢ ᠰᠤᠳᠤᠯᠤᠨ ᠰᠤᠷᠤᠯᠴᠠᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠰᠡᠳᠬᠢᠨ ᠪᠣᠳᠣᠯᠬᠢᠯᠠᠵᠤ᠂ ᠰᠤᠷᠤᠯᠴᠠᠯᠭ᠎ᠠ ᠶᠢᠨ ᠳᠤᠮᠳᠠ ᠪᠠᠨ ᠣᠶᠢᠯᠠᠭᠠᠵᠤ᠂ ᠣᠶᠢᠯᠠᠭᠠᠯᠲᠠ ᠶᠢᠨ ᠳᠤᠮᠳᠠ ᠪᠠᠨ ᠬᠤᠷᠠᠮᠳᠤᠭᠤᠯᠵᠤ᠂ ᠬᠤᠷᠠᠮᠳᠤᠭᠤᠯᠤᠯ ᠤᠨ ᠳᠤᠮᠳᠠ ᠪᠠᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢᠶᠠᠨ ᠰᠤᠷᠭᠠᠨ ᠬᠥᠮᠦᠵᠢᠯ ᠤᠨ ᠦᠢᠯᠡᠳᠦᠯᠭᠡ ᠲᠠᠢ ᠤᠶᠠᠯᠳᠤᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠬᠤ ᠰᠢᠨ᠎ᠡ ᠣᠶᠢᠯᠠᠭᠠᠭᠳᠠᠬᠤᠨ᠂ ᠰᠤᠷᠭᠠᠭᠤᠯᠢ ᠶᠢᠨ ᠬᠠᠮᠢᠶᠠᠷᠤᠯᠲᠠ ᠶᠢᠨ ᠰᠢᠨ᠎ᠡ ᠦᠵᠡᠯ ᠰᠠᠨᠠᠭ᠎ᠠ ᠪᠠᠨ ᠰᠢᠯᠢᠳᠡᠭᠵᠢᠭᠦᠯᠬᠦ᠂ ᠰᠤᠷᠭᠠᠨ ᠬᠥᠮᠦᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠰᠢᠨ᠎ᠡ ᠠᠷᠭ᠎ᠠ ᠪᠣᠯᠭᠠᠨ ᠬᠤᠪᠢᠷᠠᠭᠤᠯᠤᠨ᠎ᠠ᠃ ᠭᠤᠷᠪᠠ ᠳᠤ᠂ ᠪᠦᠬᠦ ᠰᠤᠷᠤᠯᠭᠠᠲᠠᠨ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠵᠣᠭᠰᠣᠴᠠ ᠪᠠᠨ ᠣᠯᠵᠤ᠂ ᠴᠣ᠋ ᠰᠢᠨ᠎ᠡ ︽ᠰᠠᠶᠢᠨ ᠰᠤᠷᠭᠠᠭᠤᠯᠢ ᠶᠢᠨ ᠵᠠᠬᠢᠷᠤᠯ︾᠎ ᠤᠨ ᠲᠦᠷᠢ ᠲᠥᠷᠬᠦ ᠪᠠᠨ ᠪᠤᠢ ᠪᠣᠯᠭᠠᠵᠤ᠂ ᠰᠠᠶᠢᠨ ᠰᠠᠶᠢᠬᠠᠨ ︽ᠰᠢᠨ᠎ᠡ ᠰᠤᠷᠭᠠᠨ ᠬᠥᠮᠦᠵᠢᠯ︾᠎ ᠤᠨ ᠪᠠᠶᠢᠳᠠᠯ ᠢ ᠨᠢ ᠡᠭᠦᠳᠴᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠨ ᠪᠡᠶᠡᠯᠡᠭᠦᠯᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ︕      ᠰᠤᠳᠤᠯᠤᠨ ᠰᠤᠷᠤᠯᠴᠠᠬᠤ ᠬᠢᠴᠢᠶᠡᠯ ᠤᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠰᠤᠷᠤᠯᠭᠠᠲᠠᠨ ᠤᠨ ᠢᠳᠡᠪᠬᠢᠵᠢᠯ ᠢ ᠨᠢ ᠭᠦᠢᠴᠡᠳ ᠳᠠᠶᠢᠴᠢᠯᠠᠨ᠂ ᠰᠤᠷᠤᠯᠭᠠᠲᠠᠨ ᠤᠨ ᠰᠤᠷᠤᠯᠴᠠᠬᠤ ᠤᠷᠮ᠎ᠠ ᠵᠣᠷᠢᠭ ᠢ ᠎ ᠨᠢ ᠬᠥᠭᠵᠢᠭᠡᠵᠡᠶ᠃ ᠤᠯᠤᠰ ᠤᠨ ᠰᠤᠷᠭᠠᠭᠤᠯᠢ ᠪᠠᠶᠢᠴᠠᠭᠠᠭᠴᠢ᠂ ᠤᠤᠯ ᠤᠨ ᠵᠢᠶᠠᠩᠰᠦ ᠮᠤᠵᠢ ᠶᠢᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠠᠷᠤᠭ᠎ᠠ ᠴᠧᠩ ᠱᠠᠩ ᠷᠦᠩ ᠠᠪᠤᠭᠠᠶ ︽ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠬᠢᠭᠡᠳ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠵᠠᠬᠢᠷᠤᠯ ᠤᠨ ᠡᠭᠦᠷᠭᠡ ᠬᠠᠷᠢᠭᠤᠴᠠᠯᠭ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ ᠮᠡᠳᠡᠭᠦᠯᠦᠯᠲᠡ ᠬᠢᠵᠦ᠂ ᠮᠡᠳᠡᠭᠦᠯᠦᠯᠲᠡ ᠳᠤ ᠴᠢᠨᠠᠷ ᠰᠠᠶᠢᠲᠠᠢ ᠬᠥᠭᠵᠢᠯᠲᠡ ᠶᠢᠨ ᠬᠠᠷᠠᠭᠠᠰᠤ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠭᠠᠰᠤ ᠠᠴᠠ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢᠶᠠᠨ ᠪᠠᠶᠢᠭᠤᠯᠬᠤ᠂ ᠴᠢᠨᠠᠷ ᠰᠠᠶᠢᠲᠠᠢ ᠪᠠᠭᠰᠢ ᠶᠢᠨ ᠡᠩᠨᠡᠭᠡ ᠪᠠᠨ ᠪᠠᠶᠢᠭᠤᠯᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ ᠤᠳᠤᠷᠢᠳᠬᠤ ᠬᠦᠴᠦᠨ ᠢᠶᠠᠨ ᠴᠢᠩᠭᠠᠳᠬᠠᠬᠤ ᠶᠢᠨ ᠴᠢᠬᠤᠯᠠ ᠴᠢᠨᠠᠷ ᠵᠡᠷᠭᠡ ᠲᠦᠷᠪᠡᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠵᠡᠢ᠃ ᠮᠡᠳᠡᠭᠦᠯᠦᠯᠲᠡ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠰᠤᠷᠭᠠᠨ ᠬᠥᠮᠦᠵᠢᠯ ᠤᠨ ᠦᠨᠳᠦᠷᠴᠡ ᠲᠠᠢ ᠮᠥᠷᠲᠡᠭᠡᠨ ᠪᠠᠰᠠ ᠰᠤᠷᠭᠠᠨ ᠬᠥᠮᠦᠵᠢᠯ ᠤᠨ ᠥᠷᠭᠡᠴᠡ ᠲᠠᠢ ᠪᠠᠶᠢᠵᠤ᠂ ᠨᠡᠩ ᠴᠤ ᠰᠤᠷᠭᠠᠨ ᠬᠥᠮᠦᠵᠢᠯ ᠤᠨ ᠳᠤᠯᠠᠭᠠᠴᠠ ᠲᠠᠢ ᠪᠠᠶᠢᠵᠤ᠂ ᠰᠤᠷᠤᠯᠭᠠᠲᠠᠨ ᠤᠨ ᠤᠨᠤᠯ ᠤᠨ ᠪᠣᠯᠪᠠᠰᠤᠷᠠᠯ ᠵᠢᠴᠢ ᠡᠷᠭᠢᠴᠡᠭᠦᠯᠦᠨ ᠪᠤᠳᠤᠬᠤ᠂ ᠵᠠᠮ ᠨᠡᠭᠡᠭᠡᠬᠦ᠂ ᠰᠢᠨ᠎ᠡ ᠶᠢ ᠡᠭᠦᠳᠬᠦ ᠵᠢᠴᠢ ᠬᠦᠳᠦᠯᠦᠨ ᠳᠠᠭᠠᠭᠤᠯᠬᠤ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠪᠥᠬᠦ ᠰᠤᠷᠤᠯᠭᠠᠲᠠᠨ ︽ᠠᠵᠢᠯᠯᠠᠭᠠᠨ ᠤ ᠰᠤᠷᠤᠯᠴᠠᠯᠭ᠎ᠠ — ᠰᠤᠷᠭᠠᠭᠤᠯᠢ ᠶᠢᠨ ᠴᠢᠨᠠᠷ ᠰᠠᠶᠢᠲᠠᠶ ᠬᠥᠭᠵᠢᠯᠲᠡ ᠶᠢᠨ ᠪᠡᠷᠬᠡ ᠰᠡᠳᠦᠪ ᠬᠢᠭᠡᠳ ᠰᠠᠶᠢᠵᠢᠷᠠᠭᠤᠯᠤᠯᠲᠠ︾᠎ ᠶᠢᠨ ᠬᠢᠴᠢᠶᠡᠯ ᠤᠨ ᠠᠭᠤᠯᠭ᠎ᠠ ᠶᠢᠨ ᠲᠣᠭᠤᠷᠢᠨ ᠳᠤ ᠳᠤᠭᠤᠶᠢᠯᠠᠩ ᠬᠤᠪᠢᠶᠠᠨ ᠪᠦᠯᠬᠦᠮ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠳᠤᠭᠤᠶᠢᠯᠠᠩ ᠤᠨ ᠭᠡᠰᠢᠭᠦᠳ ᠢᠳᠡᠪᠬᠢᠲᠡᠶ ᠣᠷᠣᠯᠴᠠᠨ᠂ ᠭᠦᠨᠵᠡᠭᠡᠶ ᠰᠡᠳᠬᠢᠨ ᠪᠣᠳᠣᠯᠬᠢᠯᠠᠵᠤ᠂ ᠬᠠᠮᠲᠤ ᠪᠠᠷ ᠰᠤᠳᠤᠯᠤᠨ ᠶᠠᠷᠢᠯᠴᠠᠵᠤ᠂ ᠬᠠᠮᠲᠤᠷᠠᠯᠴᠠᠭ᠎ᠠ ᠪᠠᠨ ᠴᠢᠩᠭᠠᠳᠬᠠᠨ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠪᠲᠤᠯᠤᠯᠲᠠ ᠪᠠᠨ ᠡᠷᠢᠯᠬᠢᠯᠡᠬᠦ ᠪᠠᠷ ᠴᠢᠷᠮᠠᠶᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯᠲᠠᠳ ᠤᠨ ᠰᠢᠯᠢᠳᠡᠭ ᠰᠠᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠦᠨᠡᠨᠴᠢ ᠢᠲᠡᠭᠡᠮᠵᠢᠲᠡᠶ ᠪᠠᠷ ᠰᠤᠷᠤᠯᠴᠠᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠨᠢ ᠭᠦᠢᠴᠡᠤᠡ ᠢᠯᠡᠷᠡᠭᠦᠯᠪᠡ︕      ᠦᠬᠠᠢ ᠬᠤᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ ᠡᡁᠸᠥ ᠰᠢᠶᠤᠤ ᠬᠤᠩ ᠪᠦᠬᠦ ᠰᠤᠷᠤᠯᠭᠠᠲᠠᠨ ᠢ ᠲᠥᠯᠥᠭᠡᠯᠡᠨ ᠲᠦᠷᠦᠭᠦᠦ ᠡᠳᠦᠷ ᠤᠨ ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠬᠤᠪᠢᠶᠠᠯᠴᠠᠨ᠎ᠠ᠄ ︽ᠡᠳᠦᠷ ᠲᠤᠲᠤᠮ ᠤᠨ ᠠᠵᠢᠯ ᠤᠨ ᠳᠤᠮᠳᠠ ᠢᠨᠧᠷᠼᠢ ᠶᠢᠨ ᠰᠡᠳᠬᠢᠬᠦᠶ ᠳᠤ ᠨᠥᠯᠥᠭᠡᠯᠡᠭᠳᠡᠵᠦ ᠪᠣᠯᠬᠤ ᠦᠭᠡᠶ᠂ ᠰᠡᠳᠬᠢᠬᠦᠶ ᠶᠢᠨ ᠱᠠᠯᠪᠠᠭ ᠠᠴᠠ ᠦᠰᠦᠷᠦᠨ ᠭᠠᠷᠴᠤ᠂ ᠪᠢᠳᠡᠨ ᠤ ᠰᠡᠳᠬᠢᠬᠦᠶ ᠪᠣᠯᠤᠨ ᠲᠠᠨᠢᠨ ᠮᠡᠳᠡᠬᠦᠶ ᠶᠢᠨ ᠵᠠᠭᠪᠤᠷ ᠢᠶᠠᠨ ᠳᠡᠰ ᠳᠡᠪᠰᠢᠭᠦᠯᠬᠦ ᠬᠡᠷᠡᠭᠲᠡᠶ᠂ ᠰᠡᠳᠬᠢᠬᠦᠶ ᠶᠢᠨ ᠵᠠᠭᠪᠤᠷ ᠢᠶᠠᠷ ᠢᠶᠠᠨ ᠭᠦᠨᠵᠡᠭᠡᠶ ᠰᠡᠳᠬᠢᠨ ᠪᠣᠳᠣᠯᠬᠢᠯᠠᠵᠤ᠂ ᠰᠤᠷᠭᠠᠭᠤᠯᠢ ᠶᠢᠨ ᠬᠦᠴᠢᠷ ᠠᠰᠠᠭᠤᠳᠠᠯ ᠢ ᠰᠢᠢᠤᠡᠪᠤᠷᠢᠯᠡᠨ᠂ ᠰᠤᠷᠭᠠᠨ ᠬᠥᠮᠦᠵᠢᠯ ᠠᠴᠠ ᠦᠰᠦᠷᠦᠨ ᠭᠠᠷᠴᠤ ᠰᠤᠷᠭᠠᠨ ᠬᠥᠮᠦᠵᠢᠯ ᠢ ᠦᠵᠡᠵᠦ᠂ ᠪᠦᠬᠦ ᠲᠠᠯ᠎ᠠ ᠳᠤ ᠰᠠᠭᠤᠷᠢᠯᠠᠨ ᠰᠤᠷᠭᠠᠨ ᠬᠥᠮᠦᠵᠢᠯ ᠢ ᠦᠵᠡᠵᠦ᠂ ᠢᠷᠡᠭᠡᠳᠦᠶ ᠶᠢ ᠪᠠᠷᠠᠯᠠᠨ ᠰᠤᠷᠭᠠᠨ ᠬᠥᠮᠦᠵᠢᠯ ᠢ ᠦᠵᠡᠵᠦ᠂ ᠰᠤᠷᠭᠠᠭᠤᠯᠢ ᠶᠢᠨ ᠨᠡᠩ ᠰᠠᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ︾ ᠭᠡᠪᠡ᠃      ᠲᠤᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ ᠨᠢᠭᠡ ᠭᠠᠷᠠᠭ ᠤᠨ ᠬᠤᠭᠤᠴᠠᠭ᠎ᠠ ᠲᠠᠢ ᠶᠠᠪᠤᠭᠳᠠᠵᠤ᠂ ᠡᠨᠡ ᠬᠤᠭᠤᠴᠠᠭᠠᠨ ᠳᠤ᠂ ᠰᠤᠷᠤᠯᠭᠠᠲᠠᠨ ᠲᠥᠪᠯᠡᠷᠡᠭᠦᠯᠦᠨ ᠣᠨᠣᠯ ᠰᠤᠳᠤᠯᠤᠨ ᠰᠤᠷᠤᠯᠴᠠᠬᠤ᠂ ᠲᠤᠰᠬᠠᠶ ᠮᠡᠷᠭᠡᠵᠢᠯᠲᠡᠨ ᠤ ᠵᠢᠯᠣᠭᠤᠳᠣᠯᠭ᠎ᠠ᠂ ᠠᠵᠢᠯ ᠤᠨ ᠪᠠᠶᠢᠷᠢ ᠳᠠᠭᠠᠵᠤ ᠰᠤᠷᠤᠯᠴᠠᠬᠤ᠂ ᠦᠢᠯᠡᠳᠦᠯᠭᠡ ᠪᠠᠷ ᠰᠤᠷᠤᠯᠴᠠᠬᠤ᠂ ᠲᠤᠬᠠᠶ ᠶᠢᠨ ᠲᠠᠯᠠᠪᠤᠷ ᠲᠤ ᠰᠤᠳᠤᠯᠤᠨ ᠰᠤᠷᠤᠯᠴᠠᠬᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠳᠤ ᠣᠷᠣᠯᠴᠠᠬᠤ ᠪᠠᠷ ᠳᠠᠮᠵᠢᠭᠤᠯᠤᠨ᠂ ᠬᠠᠷᠠᠭ᠎ᠠ ᠪᠠᠨ ᠥᠷᠭᠡᠳᠬᠡᠵᠦ᠂ ᠰᠤᠷᠤᠯᠴᠠᠯᠭ᠎ᠠ ᠰᠤᠪᠢᠯᠠᠯᠲᠠ ᠪᠠᠨ ᠪᠠᠶᠠᠯᠢᠭᠵᠢᠭᠤᠯᠵᠤ᠂ ᠮᠡᠳᠡᠯᠭᠡ ᠶᠢᠨ ᠰᠢᠰᠲ᠋ᠧᠮ ᠢᠶᠠᠨ ᠲᠡᠭᠦᠯᠳᠡᠷᠵᠢᠭᠦᠯᠵᠦ᠂ ᠲᠤᠰᠬᠠᠢ ᠲᠦᠷᠦᠯ ᠤᠨ ᠲᠤᠷᠰᠢᠯᠭ᠎ᠠ ᠪᠠᠨ ᠲᠡᠭᠦᠯᠳᠡᠷᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠰᠤᠷᠭᠠᠨ ᠬᠥᠮᠦᠵᠢᠯ ᠤᠨ ᠲᠣᠭᠲᠠᠴᠠ ᠪᠠᠨ ᠰᠦᠪᠡᠭᠴᠢᠯᠡᠨ ᠪᠠᠶᠢᠭᠤᠯᠵᠤ᠂ ᠰᠤᠷᠭᠠᠭᠤᠯᠢ ᠡᠷᠬᠢᠯᠡᠬᠦ ᠦᠢᠯᠡᠳᠦᠯᠭᠡ ᠶᠢᠨ ᠤᠶᠤᠨ ᠤᠬᠠᠭᠠᠨ ᠢᠶᠠᠨ ᠪᠦᠷᠢᠯᠳᠦᠭᠦᠯᠵᠦ᠂ ᠭᠤᠣᠯᠯᠠᠭᠴᠢ ᠰᠤᠷᠭᠠᠭᠤᠯᠢ ᠶᠢᠨ ᠵᠠᠬᠢᠷᠤᠯ᠂ ᠲᠤᠰᠬᠠᠢ ᠮᠡᠷᠭᠡᠵᠢᠯᠲᠡᠨ ᠤ ᠮᠠᠶ᠋ᠢᠭ ᠤᠨ ᠰᠤᠷᠭᠠᠭᠤᠯᠢ ᠶᠢᠨ ᠵᠠᠬᠢᠷᠤᠯ ᠲᠡᠰᠢ ᠴᠢᠷᠮᠠᠶᠢᠨ ᠤᠷᠤᠭᠰᠢᠯᠠᠵᠤ᠂ ᠪᠦᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠪᠠᠨ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠪᠦᠬᠦ ᠬᠤᠳᠠ ᠶᠢᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

1681262907958009707.jpg

1681262932053048145.jpg

1681262942653098853 (1).jpg

1681262942653098853.jpg

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号