︽4 · 15︾᠎ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠲᠤ ᠬᠠᠶᠢᠷᠤᠪ ᠤᠨ ᠲᠣᠬᠤᠢ ᠲᠣᠭᠤᠷᠢᠭ ᠡᠳᠡᠭᠡᠷ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/17
      ᠥᠷᠭᠡᠨ ᠣᠯᠠᠨ ᠪᠠᠭᠰᠢ ᠰᠤᠷᠤᠭᠴᠢᠳ ᠲᠤ ᠤᠯᠤᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠣᠶᠢᠯᠠᠭᠠᠭᠤᠯᠬᠤ ᠶᠢᠨ ᠲᠥᠯᠥᠭᠡ᠂ ᠵᠠᠯᠠᠭᠤᠴᠤᠳ ᠪᠠᠭᠠᠴᠤᠳ ᠤᠨ ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠨᠢ ᠦᠨᠡᠨ ᠬᠦ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢᠶᠠᠨ ᠳᠥᠯᠭᠢᠨ ᠠᠬᠢᠭᠤᠯᠵᠤ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢᠶᠠᠨ ᠪᠠᠲᠤ ᠪᠠᠬᠢ ᠪᠠᠶᠢᠭᠤᠯᠤᠨ᠎ᠠ᠃ ᠤᠢᠢᠷ᠎ᠠ ᠶᠢᠨ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠵᠤ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠬᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠤᠨ ᠬᠡᠪ ᠪᠣᠯᠪᠠᠰᠤᠷᠠᠯ ᠢ ᠴᠢᠩᠭᠠᠳᠬᠠᠬᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ︾᠎ ᠪᠠᠷ ᠭᠤᠣᠯ ᠰᠡᠳᠦᠪ ᠪᠣᠯᠭᠠᠭᠰᠠᠨ ᠰᠢᠷᠢᠰ ᠰᠤᠷᠭᠠᠨ ᠬᠥᠮᠦᠵᠢᠯ ᠤᠨ ᠠᠵᠢᠯᠯᠠᠭ᠎ᠠ ᠶᠢ 120 ᠭᠠᠷᠤᠢ ᠲᠠᠯᠠᠪᠠᠢ ᠥᠷᠨᠢᠭᠦᠯᠵᠦ᠂ 3 ᠲᠦᠮᠡ ᠭᠠᠷᠤᠢ ᠬᠥᠮᠦᠨ ᠣᠷᠣᠯᠴᠠᠪᠠ᠃      ᠤᠬᠠᠭᠤᠯᠭ᠎ᠠ ᠬᠦᠮᠦᠵᠢᠯ ᠤᠨ ᠭᠤᠣᠯ ᠰᠡᠳᠦᠪ ᠢ ᠨᠢ ᠲᠤᠪᠤᠶᠢᠯᠭᠠᠨ᠎ᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠂ ᠬᠡᠤᠬᠡᠳ ᠤᠨ ᠴᠡᠴᠡᠷᠯᠢᠭ ᠤᠳ ᠭᠤᠤᠯ ᠰᠡᠳᠦᠪ ᠤᠨ ᠲᠣᠭᠤᠷᠢᠨ ᠳᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ᠂ ᠰᠤᠷᠭᠠᠭᠤᠯᠢ ᠶᠢᠨ ᠡᠯᠧᠺᠡᠲᠷᠤᠨ ᠡᠷᠭᠢᠯᠳᠦᠭᠦᠯᠬᠦ ᠳᠡᠯᠭᠡᠴᠡ᠂ ᠡᠯᠧᠺᠡᠲᠷᠤᠨ ᠳᠡᠯᠭᠡᠴᠡ ᠪᠠᠷ ᠨᠡᠪᠲᠡᠷᠡᠭᠦᠯᠬᠦ᠂ ᠤᠬᠠᠭᠤᠯᠭ᠎ᠠ ᠶᠢᠨ ᠰᠠᠮᠪᠠᠷ᠎ᠠ ᠨᠠᠭᠠᠬᠤ᠂ ᠵᠠᠷᠯᠠᠯ ᠨᠠᠭᠠᠬᠤ᠂ ᠷᠠᠳᠢᠣ᠋ ᠨᠡᠪᠲᠡᠷᠡᠭᠦᠯᠭᠡ ᠶᠢᠨ ᠥᠷᠲᠡᠭᠡᠨ ᠤ ᠷᠠᠳᠢᠣ᠋ ᠨᠡᠪᠲᠡᠷᠡᠭᠦᠯᠭᠡ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠯᠪᠡᠷᠢ ᠶᠢ ᠠᠰᠢᠭᠯᠠᠵᠤ᠂ ᠤᠯᠤᠰ ᠤᠨ ᠠᠮᠤᠷ ᠲᠦᠪᠰᠢᠨ ᠤ ᠬᠠᠤᠯᠢ᠂ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠵᠡᠷᠭᠡ ᠲᠠᠪᠤᠨ ᠶᠡᠭᠡ ᠵᠦᠢᠯ ᠢ ᠢᠳᠡᠪᠬᠢᠲᠡᠶ ᠲᠠᠮᠵᠢᠭᠤᠯᠵᠤ᠂ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠤᠬᠠᠭᠤᠯᠭ᠎ᠠ ᠬᠥᠮᠦᠵᠢᠯ ᠢ ᠨᠡᠶᠢᠳᠡᠮ ᠪᠦᠷᠬᠦᠭᠦᠯᠬᠦ ᠪᠠᠨ ᠴᠢᠷᠮᠠᠶᠢᠨ ᠪᠡᠶᠡᠯᠡᠭᠦᠯᠵᠦ᠂ ᠤᠬᠠᠭᠤᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢᠶᠠᠨ ᠳᠣᠪᠤᠶᠢᠯᠭᠠᠨ᠂ ︽ᠤᠯᠤᠰ ᠤᠨ ᠠᠮᠤᠷ ᠲᠦᠪᠰᠢᠨ ᠢ ᠬᠥᠮᠦᠨ ᠪᠦᠬᠦᠨ ᠬᠠᠮᠠᠭᠠᠯᠠᠵᠤ᠂ ᠰᠦᠷᠳᠡᠭᠦᠯᠦᠯ ᠢ ᠰᠡᠷᠭᠡᠶᠢᠯᠡᠬᠦ ᠳᠤ ᠬᠥᠮᠦᠨ ᠪᠦᠬᠦᠨ ᠣᠷᠣᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢᠶᠠᠨ ᠬᠦᠴᠦᠲᠡᠶ ᠪᠣᠶ ᠪᠣᠯᠭᠠᠪᠠ᠃      ᠡᠯ᠎ᠡ ᠲᠥᠷᠥᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ 4 ᠰᠠᠷ᠎ᠠ ᠶᠢᠨ 13᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠠᠶᠢᠷᠤᠪ ᠤᠨ ᠲᠤᠬᠤᠢ ᠶᠢᠨ ᠬᠤᠪᠢᠶᠠᠷᠢ ᠲᠤᠪᠴᠢᠶ᠎ᠠ ᠵᠡᠷᠭᠡ 4 ᠨᠢᠭᠡᠴᠢ ᠲᠠᠢ ᠬᠠᠮᠲᠤᠷᠠᠨ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠦᠷᠳᠡᠭᠦᠯᠦᠯ ᠢ ᠰᠡᠷᠭᠡᠶᠢᠯᠡᠵᠦ ᠬᠦᠴᠦᠷᠬᠡᠭᠯᠡᠯ ᠢ ᠰᠡᠷᠭᠡᠶᠢᠯᠡᠬᠦ᠂ ᠰᠤᠷᠭᠠᠭᠤᠯᠢ ᠶᠢᠨ ᠲᠡᠷᠭᠡ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠣᠷᠢᠯᠲᠠ︾᠎ ᠶᠢᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠪᠦᠬᠦ ᠲᠤᠭᠤᠷᠢᠭ ᠤᠨ ᠪᠠᠭᠰᠢ ᠰᠤᠷᠤᠭᠴᠢᠳ ᠤᠨ ︽ᠮᠢᠩᠭ᠎ᠠ ᠲᠦᠮᠡᠨ ᠪᠠᠭᠰᠢ ᠰᠤᠷᠤᠭᠴᠢᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠬᠢᠴᠢᠶᠡᠯ︾᠎ ᠢ ᠰᠣᠨᠢᠷᠬᠠᠬᠤ ᠶᠢ ᠲᠤᠬᠢᠷᠠᠭᠤᠯᠤᠨ ᠪᠠᠶᠢᠷᠢᠯᠠᠭᠤᠯᠵᠤ᠂ ᠠᠷᠠᠳ ᠢᠷᠭᠡᠳ ᠤᠨ ᠰᠦᠷᠳᠡᠭᠦᠯᠦᠯ ᠢ ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠮᠡᠳᠡᠯᠭᠡ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠶᠡᠷᠦ ᠶᠢᠨ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠪᠡ᠃ ᠡᠯ᠎ᠡ ᠰᠤᠷᠭᠠᠭᠤᠯᠢ ᠨᠠᠷᠢᠨ ᠨᠢᠮᠪᠠᠶ ᠲᠥᠯᠥᠪᠵᠢᠭᠦᠯᠵᠦ ᠂ ᠥᠨᠳᠥᠷ ᠪᠦᠲᠦᠮᠵᠢᠲᠡᠶ ᠵᠣᠬᠢᠶᠠᠨ ᠪᠠᠶᠢᠭᠤᠯᠵᠤ᠂ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠎ ᠢᠶᠠᠷ ᠭᠤᠤᠯ ᠰᠡᠳᠦᠪ ᠪᠣᠯᠭᠠᠭᠰᠠᠨ ᠲᠤᠭ ᠮᠠᠨᠳᠤᠭᠤᠯᠬᠤ ᠶᠣᠰᠣᠯᠠᠯ᠂ ᠠᠩᠭᠢ ᠶᠢᠨ ᠬᠤᠷᠠᠯ᠂ ᠤᠬᠠᠭᠤᠯᠭ᠎ᠠ ᠶᠢᠨ ᠹᠢᠯᠢᠮ ᠵᠢᠴᠢ ᠰᠠᠮᠪᠠᠷ᠎ᠠ ᠶᠢᠨ ᠰᠣᠨᠢᠨ᠂ ᠬᠠᠭᠤᠯᠤᠮᠠᠯ ᠰᠣᠨᠢᠨ ᠤ ᠵᠣᠬᠢᠶᠠᠨ ᠪᠦᠲᠦᠭᠡᠯᠭᠡ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠳᠤ ᠠᠭᠤᠰᠤᠯᠴᠠᠭᠤᠯᠵᠤ᠂ ᠤᠯᠤᠰ ᠤᠨ ᠠᠮᠤᠷ ᠲᠦᠪᠰᠢᠨ ᠤ ᠤᠬᠠᠮᠰᠠᠷ ᠤᠨ ︽ᠦᠷ᠎ᠡ︾᠎ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠬᠠᠳᠠᠩᠰᠢᠭᠤᠯᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠶᠢᠨ ᠬᠠᠮᠲᠤ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠪᠠᠨ ᠪᠠᠲᠤᠯᠠᠬᠤ ᠬᠡᠷᠡᠭᠲᠡᠶ᠃      ᠠᠮᠤᠷ ᠲᠦᠪᠰᠢᠨ ᠤ ᠬᠠᠤᠯᠢ ᠪᠠᠷ ᠵᠠᠰᠠᠬᠤ ᠬᠥᠮᠦᠵᠢᠯ ᠢᠶᠠᠨ ᠭᠦᠨᠵᠡᠭᠡᠶᠢᠷᠡᠭᠦᠯᠦᠨ᠎ᠡ᠃ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ ᠦᠨᠳᠦᠰᠦᠨ ᠬᠠᠤᠯᠢ ᠪᠠ ᠤᠯᠤᠰ ᠤᠨ ᠠᠮᠤᠷ ᠲᠦᠪᠰᠢᠨ ᠤ ᠬᠠᠤᠯᠢ᠂ ᠰᠦᠯᠵᠢᠶᠡᠨ ᠤ ᠠᠮᠤᠷ ᠲᠦᠪᠰᠢᠨ ᠤ ᠬᠠᠤᠯᠢ᠂ ᠭᠠᠵᠢᠭᠤ ᠨᠣᠮᠯᠠᠯ ᠢ ᠡᠰᠡᠷᠭᠦᠴᠡᠬᠦ ᠬᠠᠤᠯᠢ᠂ ᠵᠣᠬᠢᠶᠠᠨ ᠪᠠᠶᠢᠭᠤᠯᠤᠯᠲᠠ ᠲᠠᠢ ᠶᠠᠯ᠎ᠠ ᠬᠢᠬᠦ ᠶᠢ ᠡᠰᠡᠷᠭᠦᠴᠡᠬᠦ ᠬᠠᠤᠯᠢ ᠵᠡᠷᠭᠡ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠭᠡᠨ ᠢᠶᠠᠷ ᠥᠷᠨᠢᠭᠦᠯᠬᠦ ᠶᠢᠨ ᠬᠠᠮᠲᠤ᠂ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠥᠬᠦ ᠶᠠᠪᠤᠴᠠ ᠳᠤ ᠲᠤᠤᠱᠯᠠᠭᠤᠯᠬᠤ ᠪᠠᠨ ᠢᠮᠠᠭᠲᠠ ᠪᠠᠷᠢᠮᠲᠠᠯᠠᠵᠤ᠂ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠨᠢ ᠤᠯᠠᠮ ᠨᠢᠭᠡ ᠠᠯᠬᠤᠮ ᠴᠢᠩᠭᠠᠳᠬᠠᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠵᠤ ᠬᠠᠤᠯᠢ ᠶᠢ ᠬᠠᠮᠠᠭᠠᠯᠠᠭᠤᠯᠪᠠ᠃      ᠪᠦᠬᠦ ᠲᠠᠯ᠎ᠠ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠠᠶᠢᠷᠤᠪ ᠤᠨ ᠲᠤᠬᠤᠢ ᠲᠣᠭᠤᠷᠢᠭ ᠤᠨ ᠥᠷᠭᠡᠨ ᠤᠯᠠᠨ ᠪᠠᠭᠰᠢ ᠰᠤᠷᠤᠭᠴᠢᠳ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠪᠠᠨ ᠤᠯᠠᠮ ᠴᠢᠨᠠᠭᠰᠢᠳᠠ ᠠᠬᠢᠭᠤᠯᠵᠤ᠂ ᠰᠤᠷᠤᠭᠴᠢᠳ ᠢ ᠬᠦᠳᠦᠯᠦᠨ ᠵᠢᠯᠣᠭᠤᠳᠴᠤ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢᠶᠠᠨ ᠬᠠᠮᠲᠤᠪᠠᠷ ᠪᠠᠶᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号