ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/21
      4 ᠰᠠᠷ᠎ᠠ ᠶᠢᠨ 20᠎ ᠤ ᠡᠳᠦᠷ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠧ ᠳ᠋ᠦᠩ ᠮᠧᠶ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠢᠶᠠᠨ ᠶᠦᠨ ᠭᠧ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ᠂ ᠨᠠᠢᠮᠠᠳᠤᠭᠠᠷ ᠬᠤᠭᠤᠴᠠᠭᠠᠨ ᠤ ᠦᠬᠠᠶ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠭᠰᠠᠨ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠲᠣᠭᠲᠠᠭᠠᠯ ᠢ ᠨᠢ ᠨᠡᠶᠢᠲᠡᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠨᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠥᠷᠨᠢᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠷ ᠢᠶᠠᠨ ᠪᠦᠬᠦ ᠲᠤᠭᠤᠷᠢᠭ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ᠃      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠᠨ ᠴᠢᠩᠭᠠᠳᠬᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠢᠨᠠᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠪᠠᠷᠢᠮᠵᠢᠶ᠎ᠠ ᠪᠠᠨ ᠣᠨᠣᠪᠴᠢᠲᠠᠢ ᠡᠵᠡᠮᠳᠡᠵᠦ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ︽ᠬᠤᠶᠠᠷ ᠢ ᠬᠠᠮᠠᠭᠠᠯᠠᠬᠤ︾᠎ ᠶᠢ ᠡᠷᠡᠰ ᠦᠢᠯᠡᠳᠦᠯᠭᠡᠵᠢᠭᠦᠯᠬᠦ ᠪᠠᠨ ᠱᠠᠯᠠᠪᠳᠠᠭᠤᠯᠬᠤ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠺᠠᠳ᠋ᠷ ᠢᠯᠠᠩᠭᠤᠶ᠎ᠠ ︽ᠨᠢᠭᠡᠳᠦᠭᠡᠷ  ᠬᠠᠷᠢᠭᠤᠴᠠᠯᠭᠠᠲᠡᠨ︾᠎ ᠤ ᠡᠭᠦᠷᠭᠡ ᠲᠤᠰᠢᠶᠠᠯ ᠢᠶᠠᠨ ᠵᠥᠪ ᠣᠨᠣᠪᠴᠢᠲᠠᠢ ᠭᠦᠢᠴᠡᠳᠬᠡᠵᠦ ᠡᠷᠬᠡ ᠪᠠᠨ ᠬᠡᠷᠡᠭᠯᠡᠬᠦ ᠶᠢ ᠠᠬᠢᠭᠤᠯᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠠᠩᠬᠠᠷᠴᠤ᠂ ︽ᠴᠢᠩᠭ᠎ᠠ︾ ᠪᠠᠶᠢᠬᠤ ᠱᠠᠭᠠᠷᠳᠠᠯᠭ᠎ᠠ ᠪᠠᠨ ᠪᠠᠷᠢᠮᠲᠠᠯᠠᠵᠤ᠂ ᠲᠤᠰᠬᠠᠢ ᠲᠦᠷᠦᠯ ᠤᠨ ᠴᠠᠭᠳᠠᠨ ᠪᠠᠶᠢᠴᠠᠭᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠭᠦᠨᠵᠡᠭᠡᠶᠢᠷᠡᠭᠦᠯᠬᠦ︾ ᠳᠡᠭᠡᠷ᠎ᠡ ᠬᠦᠴᠦ ᠣᠷᠣᠭᠤᠯᠵᠤ᠂ ︽ᠣᠨᠣᠪᠴᠢᠲᠠᠢ︾ ᠪᠠᠶᠢᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠪᠠᠨ ᠪᠠᠷᠢᠮᠲᠠᠯᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠠᠭᠤᠰᠤᠯᠴᠠᠭᠤᠯᠬᠤ ᠪᠠᠨ ᠴᠢᠩᠭᠠᠳᠬᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠨᠳᠥᠷ ᠪᠠᠷᠢᠮᠵᠢᠶ᠎ᠠ ᠪᠠᠷ ᠡᠬᠢᠯᠡᠵᠦ᠂ ᠥᠨᠳᠥᠷ ᠦᠷ᠎ᠡ ᠪᠦᠲᠦᠮᠵᠢ ᠲᠠᠢ ᠪᠠᠷ ᠠᠵᠢᠯᠯᠠᠬᠤ ᠪᠠᠨ ᠪᠠᠲᠤᠯᠠᠵᠤ᠂ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠤ ᠱᠠᠭᠠᠷᠳᠠᠪᠠ᠃      ᠲᠤᠭᠤᠷᠢᠭ ᠤᠨ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠳᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠲᠠ ᠨᠢ ᠦᠬᠠᠢ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠶᠢᠷᠤᠪ ᠤᠨ ᠳᠤᠬᠤᠢ ᠶᠢᠨ ᠬᠤᠪᠢᠶᠠᠷᠢ ᠲᠤᠪᠴᠢᠶ᠎ᠠ᠂ ᠦᠬᠠᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶᠠᠨ ᠤ ᠬᠠᠶᠢᠷᠤᠪ ᠤᠨ ᠳᠤᠬᠤᠢ ᠲᠣᠭᠤᠷᠢᠭ ᠤᠨ ᠬᠤᠪᠢᠶᠠᠷᠢ ᠲᠤᠪᠴᠢᠶᠠᠨ ᠤ ᠨᠠᠮ ᠤᠨ ᠡᠭᠦᠷ ᠲᠤ ᠬᠦᠷᠴᠦ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠤᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠲᠣᠭᠤᠷᠢᠭ ᠤᠨ ᠡᠨᠧᠷᠭᠢ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠠᠮ ᠤᠨ ᠬᠤᠷᠢᠶ᠎ᠠ᠂ ᠯᠢᠨ ᠶᠢᠨ ᠵᠡᠭᠡᠯᠢ ᠭᠤᠳᠤᠮᠵᠢ ᠶᠢᠨ ᠶᠢᠨ ᠢᠦᠢ ᠨᠡᠶᠢᠭᠡᠮ ᠲᠣᠭᠤᠷᠢᠭ᠂ ᠪᠢᠨ ᠾᠧ ᠵᠡᠭᠡᠯᠢ ᠭᠤᠳᠤᠮᠵᠢ ᠶᠢᠨ ᠵᠦᠩ ᠾᠧ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号