ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 4 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/23
      4 ᠰᠠᠷ᠎ᠠ ᠶᠢᠨ 21᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 4 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ ᠶᠢ ᠪᠢᠴᠢᠭ ᠢᠶᠠᠷ ᠤᠯᠠᠮᠵᠢᠯᠠᠪᠠ︔ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠶᠡᠷᠦᠩᠬᠡᠢ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠬᠤ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ᠂ ᠪᠠᠶᠢᠴᠠᠭᠠᠨ ᠰᠤᠳᠤᠯᠬᠤ ᠠᠵᠢᠯ ᠢᠶᠠᠨ ᠰᠠᠶᠢᠲᠤᠷ ᠬᠢᠵᠦ᠂ ᠬᠤᠪᠢ ᠬᠥᠮᠦᠨ ᠤ ᠦᠵᠡᠯ ᠰᠠᠨᠠᠭ᠎ᠠ᠂ ᠬᠤᠪᠢᠳᠠᠨ ᠬᠠᠮᠢᠶᠠᠷᠬᠤ ᠠᠵᠢᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠪᠣᠳᠠᠲᠠᠢ ᠠᠷᠭ᠎ᠠ ᠤᠬᠠᠭᠠᠨ ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠪᠠᠨ ᠡᠷᠬᠢᠮᠯᠡᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠬᠦᠰᠡᠯ ᠱᠠᠭᠠᠷᠳᠠᠯᠭ᠎ᠠ ᠶᠢ ᠨᠢ ᠰᠣᠨᠣᠰᠴᠤ᠂ ᠠᠷᠭ᠎ᠠ ᠤᠬᠠᠭᠠᠨ ᠰᠦᠪᠡᠭᠴᠢᠯᠡᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠪᠠᠨ ᠡᠯ᠎ᠡ ᠵᠦᠢᠯ ᠤᠨ ᠠᠵᠢᠯ ᠤᠨ ᠳᠤᠮᠳᠠ ᠲᠤᠤᠱᠯᠠᠭᠤᠯᠤᠨ᠎ᠠ᠃ ᠤᠯᠠᠨ ᠲᠦᠮᠡᠨᠴᠢ ᠱᠤᠭᠤᠮ ᠢᠶᠠᠷ ᠵᠠᠮᠨᠠᠵᠤ᠂ ᠪᠠᠶᠢᠴᠠᠭᠠᠨ ᠰᠤᠳᠤᠯᠤᠯᠲᠠ ᠪᠠᠨ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠠᠷᠠᠳ ᠤᠯᠠᠨ ᠪᠣᠯᠤᠨ ᠠᠵᠤ ᠠᠬᠤᠶᠢᠯᠠᠯ ᠤᠨ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠨᠢ ᠴᠢᠩᠭ᠎ᠠ ᠠᠩᠬᠠᠷᠬᠤ ᠬᠡᠷᠡᠭᠲᠡᠢ᠃ ᠡᠭᠦᠨ ᠤ ᠬᠠᠮᠲᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠪᠠᠨ ᠲᠦᠷᠭᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠪᠠᠨ ᠠᠬᠢᠭᠤᠯᠤᠨ᠎ᠠ᠃

微信图片_20230423092903.jpg

   

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号