ᠬᠠᠶᠢᠷᠤᠪ ᠤᠨ ᠲᠤᠬᠤᠢ ᠲᠣᠭᠤᠷᠢᠭ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 72 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/24
      4 ᠰᠠᠷ᠎ᠠ ᠶᠢᠨ 21᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 72 ᠳ᠋ᠤᠭᠠᠷ  ᠤᠳᠠᠭᠠᠨ ᠤ ︵ᠥᠷᠭᠡᠳᠬᠡᠭᠰᠡᠨ︶ ᠬᠤᠷᠠᠯ ᠳᠡᠭᠡᠷ᠎ᠡ᠂ ᠲᠠᠩ ᠢ ᠱᠦᠵᠢ ᠶᠢᠨ ︽ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠵᠢᠴᠢ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢᠨ ᠭᠤᠣᠯ ᠵᠣᠷᠢᠭ ᠰᠠᠨᠠᠭ᠎ᠠ ᠪᠣᠯᠤᠨ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶᠠᠨ ᠤ ᠤᠬᠠᠭᠤᠯᠬᠤ ᠬᠡᠯᠲᠡᠰ ᠤᠨ ᠮᠡᠳᠡᠭᠦᠯᠦᠯᠲᠡ︾ ᠳᠡᠭᠡᠷ᠎ᠡ ᠬᠢᠭᠰᠡᠨ ᠴᠣᠬᠤᠯᠠᠪᠤᠷᠢ ᠶᠢ ᠨᠢ ᠤᠯᠠᠮᠵᠢᠯᠠᠨ ᠰᠤᠷᠤᠯᠴᠠᠪᠠ᠃ 2022 ᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠵᠢᠴᠢ 2023 ᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠨᠢ ᠰᠣᠨᠣᠰᠴᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢ ᠡᠭᠦᠳᠦᠨ ᠪᠠᠶᠢᠭᠤᠯᠬᠤ ᠲᠤᠬᠠᠢ ᠶᠢᠨ ᠭᠠᠵᠠᠷ ᠲᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠪᠣᠯᠪᠠᠰᠤᠨ ᠪᠤᠰᠤ ᠠᠵᠢᠯᠯᠠᠭ᠎ᠠ ᠶᠢᠨ ᠲᠡᠮᠳᠡᠭᠯᠡᠯ ᠤᠨ ᠸᠢᠳᠢᠣ᠋ ᠶᠢ ᠦᠵᠡᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃      ᠰᠦᠨ ᠬᠤᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠶᠢᠷᠤᠪ ᠤᠨ ᠲᠤᠬᠤᠢ ᠶᠢᠨ ᠰᠤᠯᠠ ᠵᠠᠳᠠᠭᠠᠢ ᠭᠠᠵᠠᠷ ᠰᠢᠷᠣᠢ ᠶᠢᠨ ᠠᠵᠢᠯ ᠤᠨ ᠲᠣᠭᠲᠠᠴᠠ ᠪᠠᠨ ᠬᠠᠮᠲᠤᠷᠠᠨ ᠨᠡᠶᠢᠲᠡᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠦᠷᠦᠭᠦᠯᠡᠨ ᠪᠣᠯᠪᠠᠰᠤᠨ ᠢ ᠡᠭᠦᠳᠦᠨ ᠪᠠᠶᠢᠭᠤᠯᠬᠤ ᠶᠢ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠪᠠᠨ ᠨᠡᠶᠢᠲᠡᠯᠡᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦᠭᠦᠯᠡᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠲᠣᠭᠲᠠᠴᠠ ᠪᠠᠨ ᠨᠡᠶᠢᠲᠡᠯᠡᠵᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠪᠣᠯᠪᠠᠰᠤᠨ ᠬᠤᠳᠠ ᠶᠢᠨ ᠬᠥᠮᠦᠨ ᠪᠦᠬᠦᠨ ᠳᠤ ᠬᠠᠶᠢᠷᠠᠯᠠᠭᠳᠠᠬᠤ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠶᠢ ᠪᠠᠶᠢᠭᠤᠯᠬᠤ ᠬᠡᠷᠡᠭᠲᠡᠢ︔ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠠᠨ ᠲᠦᠮᠡᠨᠴᠢ ᠱᠤᠭᠤᠮ ᠢᠶᠠᠷ ᠶᠠᠪᠤᠵᠤ᠂ ᠪᠦᠬᠦ ᠠᠷᠠᠳ ᠢᠶᠠᠷ ᠢᠶᠠᠨ ᠬᠥᠳᠡᠯᠦᠯᠴᠡᠵᠦ᠂ ᠶᠣᠰᠣ ᠰᠤᠷᠲᠠᠬᠤᠨ ᠤᠶᠤᠨ ᠤᠬᠠᠭᠠᠨ ᠢᠶᠠᠷ ᠰᠡᠬᠡᠭᠡᠷᠡᠭᠦᠯᠵᠦ᠂ ᠠᠷᠠᠳ ᠤᠯᠠᠨ ᠤ ᠪᠣᠯᠪᠠᠰᠤᠨ ᠤ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠬᠤ ᠪᠠᠨ ᠠᠬᠢᠭᠤᠯᠵᠤ᠂ ᠪᠣᠳᠠᠲᠠᠢ ᠪᠠᠷ ︽ᠪᠠᠶᠢᠭᠤᠯᠬᠤ᠂ ᠬᠠᠮᠢᠶᠠᠷᠬᠤ᠂ ᠵᠠᠰᠠᠬᠤ︾ ᠭᠤᠷᠪᠠᠨ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠬᠡᠯᠡᠪᠡ᠃

微信图片_20230424171337.jpg

  

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号