4 ᠰᠠᠷ᠎ᠠ ᠶᠢᠨ 21 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 72 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ | ᠳᠡᠭᠡᠷ᠎ᠡ᠂ ᠲᠠᠩ ᠢ ᠱᠦᠵᠢ ᠶᠢᠨ ︽ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠵᠢᠴᠢ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢᠨ | ᠭᠤᠣᠯ ᠵᠣᠷᠢᠭ ᠰᠠᠨᠠᠭ᠎ᠠ ᠪᠣᠯᠤᠨ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠤᠨ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶᠠᠨ ᠤ ᠤᠬᠠᠭᠤᠯᠬᠤ ᠬᠡᠯᠲᠡᠰ ᠤᠨ | ᠮᠡᠳᠡᠭᠦᠯᠦᠯᠲᠡ︾ ᠳᠡᠭᠡᠷ᠎ᠡ ᠬᠢᠭᠰᠡᠨ ᠴᠣᠬᠤᠯᠠᠪᠤᠷᠢ ᠶᠢ ᠨᠢ ᠤᠯᠠᠮᠵᠢᠯᠠᠨ ᠰᠤᠷᠤᠯᠴᠠᠪᠠ᠃ 2022 ᠣᠨ ᠤ ᠤᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠵᠢᠴᠢ 2023 ᠣᠨ ᠤ ᠪᠣᠯᠪᠠᠰᠤᠨ | ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠨᠢ ᠰᠣᠨᠣᠰᠴᠤ᠂ | ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢ ᠡᠭᠦᠳᠦᠨ ᠪᠠᠶᠢᠭᠤᠯᠬᠤ ᠲᠤᠬᠠᠢ ᠶᠢᠨ ᠭᠠᠵᠠᠷ ᠲᠤ ᠣᠷᠣᠰᠢᠵᠤ | ᠪᠠᠶᠢᠭ᠎ᠠ ᠠᠰᠠᠭᠤᠳᠠᠯ ᠪᠣᠯᠤᠨ ᠪᠣᠯᠪᠠᠰᠤᠨ ᠪᠤᠰᠤ ᠠᠵᠢᠯᠯᠠᠭ᠎ᠠ ᠶᠢᠨ ᠲᠡᠮᠳᠡᠭᠯᠡᠯ ᠤᠨ ᠸᠢᠳᠢᠣ᠋ ᠶᠢ ᠦᠵᠡᠪᠡ᠃ ᠬᠤᠳᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃ | ᠰᠦᠨ ᠬᠤᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠬᠠᠶᠢᠷᠤᠪ ᠤᠨ ᠲᠤᠬᠤᠢ ᠶᠢᠨ ᠰᠤᠯᠠ ᠵᠠᠳᠠᠭᠠᠢ ᠭᠠᠵᠠᠷ ᠰᠢᠷᠣᠢ ᠶᠢᠨ ᠠᠵᠢᠯ ᠤᠨ | ᠲᠣᠭᠲᠠᠴᠠ ᠪᠠᠨ ᠬᠠᠮᠲᠤᠷᠠᠨ ᠨᠡᠶᠢᠲᠡᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠲᠦᠷᠦᠭᠦᠯᠡᠨ ᠪᠣᠯᠪᠠᠰᠤᠨ ᠢ ᠡᠭᠦᠳᠦᠨ ᠪᠠᠶᠢᠭᠤᠯᠬᠤ ᠶᠢ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠪᠠᠨ ᠨᠡᠶᠢᠲᠡᠯᠡᠵᠦ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦᠭᠦᠯᠡᠨ ᠪᠦᠬᠦ | ᠶᠠᠪᠤᠴᠠ ᠶᠢᠨ ᠠᠷᠠᠳ ᠤᠨ ᠠᠷᠠᠳᠴᠢᠯᠠᠯ ᠤᠨ ᠲᠣᠭᠲᠠᠴᠠ ᠪᠠᠨ ᠨᠡᠶᠢᠲᠡᠯᠡᠵᠦ᠂ ᠬᠠᠮᠲᠤᠪᠠᠷ ᠪᠠᠶᠢᠭᠤᠯᠵᠤ ᠬᠠᠮᠲᠤᠪᠠᠷ | ᠡᠳ᠋ᠯᠡᠬᠦ᠂ ᠪᠣᠯᠪᠠᠰᠤᠨ ᠬᠤᠳᠠ ᠶᠢᠨ ᠬᠥᠮᠦᠨ ᠪᠦᠬᠦᠨ ᠳᠤ ᠬᠠᠶᠢᠷᠠᠯᠠᠭᠳᠠᠬᠤ ᠣᠷᠣᠰᠢᠨ ᠰᠠᠭᠤᠬᠤ ᠳᠤ ᠲᠣᠬᠢᠷᠠᠮᠵᠢᠲᠠᠢ | ᠬᠤᠳᠠ ᠶᠢ ᠪᠠᠶᠢᠭᠤᠯᠬᠤ ᠬᠡᠷᠡᠭᠲᠡᠢ︔ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠠᠨ ᠲᠦᠮᠡᠨᠴᠢ ᠱᠤᠭᠤᠮ ᠢᠶᠠᠷ | ᠶᠠᠪᠤᠵᠤ᠂ ᠪᠦᠬᠦ ᠠᠷᠠᠳ ᠢᠶᠠᠷ ᠢᠶᠠᠨ ᠬᠥᠳᠡᠯᠦᠯᠴᠡᠵᠦ᠂ ᠶᠣᠰᠣ ᠰᠤᠷᠲᠠᠬᠤᠨ ᠤᠶᠤᠨ ᠤᠬᠠᠭᠠᠨ ᠢᠶᠠᠷ ᠰᠡᠬᠡᠭᠡᠷᠡᠭᠦᠯᠵᠦ᠂ | ᠠᠷᠠᠳ ᠤᠯᠠᠨ ᠤ ᠪᠣᠯᠪᠠᠰᠤᠨ ᠤ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠵᠦ᠂ ᠨᠡᠶᠢᠭᠡᠮ ᠤᠨ ᠵᠥᠷᠢᠴᠡᠯ | ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠬᠤ ᠪᠠᠨ ᠠᠬᠢᠭᠤᠯᠵᠤ᠂ ᠪᠣᠳᠠᠲᠠᠢ ᠪᠠᠷ ︽ᠪᠠᠶᠢᠭᠤᠯᠬᠤ᠂ | ᠬᠠᠮᠢᠶᠠᠷᠬᠤ᠂ ᠵᠠᠰᠠᠬᠤ︾ ᠭᠤᠷᠪᠠᠨ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠬᠡᠯᠡᠪᠡ᠃ | | | | |