ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ 3 ᠴᠠᠭᠳᠠᠨ ᠪᠠᠶᠢᠴᠠᠭᠠᠬᠤ ᠳᠤᠭᠤᠶᠢᠯᠠᠩ ᠨᠢᠭᠡᠨᠲᠡ ᠣᠷᠣᠵᠤ ᠰᠠᠭᠤᠪᠠ
ᠨᠡᠶᠢᠲᠡᠯᠡᠭᠰᠡᠨ ᠴᠠᠭ᠄
2023/4/27
      ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 4 ᠰᠠᠷ᠎ᠠ ᠶᠢᠨ 24᠎ ᠤ ᠡᠳᠦᠷ ᠪᠣᠯᠲᠠᠯ᠎ᠠ᠂ ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ 3 ᠴᠠᠭᠳᠠᠨ ᠪᠠᠶᠢᠴᠠᠭᠠᠬᠤ ᠳᠤᠭᠤᠶᠢᠯᠠᠩ ᠨᠢᠭᠡᠨᠲᠡ 12 ᠴᠠᠭᠳᠠᠨ ᠪᠠᠶᠢᠴᠠᠭᠠᠭᠳᠠᠬᠤ ᠨᠢᠭᠡᠴᠡ ᠶᠢᠨ ᠣᠷᠣᠵᠤ ᠰᠠᠭᠤᠬᠤ ᠠᠵᠢᠯ ᠢᠶᠠᠨ ᠪᠡᠶᠡᠯᠡᠭᠦᠯᠵᠡᠶ᠃      ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠨᠢ ᠴᠠᠭᠳᠠᠨ ᠪᠠᠶᠢᠴᠠᠭᠠᠵᠤ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠢ ᠲᠤᠰ ᠲᠤᠰ ᠬᠤᠷᠠᠯᠳᠤᠭᠤᠯᠵᠠᠶ᠃ ᠬᠤᠷᠠᠯ ᠠᠴᠠ ᠡᠮᠦᠨ᠎ᠡ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠳᠤ ᠠᠵᠢᠯ ᠤᠨ ᠲᠤᠬᠢᠷᠠᠭᠤᠯᠤᠯᠳᠠ ᠶᠢ ᠨᠢ ᠮᠡᠳᠡᠭᠳᠡᠪᠡ᠃ ᠬᠤᠷᠠᠯ ᠳᠡᠭᠡᠷ᠎ᠡ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢᠶᠠᠨ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠱᠠᠭᠠᠷᠳᠠᠯᠭ᠎ᠠ ᠳᠤᠷᠠᠳᠪᠠ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃      ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠶᠠᠪᠤᠴᠠ ᠳᠤ᠂ ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠪᠠᠨ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠪᠠᠨ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠤᠨ᠎ᠠ᠃ ᠲᠣᠭᠤᠷᠢᠨ ᠴᠠᠭᠳᠠᠬᠤ ᠬᠤᠭᠤᠴᠠᠭᠠᠨ ᠳᠤ᠂ ᠲᠤᠰᠬᠠᠢ ᠲᠣᠭᠤᠷᠢᠨ ᠴᠠᠭᠳᠠᠬᠤ ᠠᠵᠢᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ᠂ ︽ᠲᠠᠪᠤᠨ ᠶᠡᠭᠡ ᠦᠨᠳᠦᠰᠦᠨ ᠵᠦᠢᠯ︾᠎ ᠤᠨ ᠠᠵᠢᠯᠯᠠᠭ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠡᠷᠭᠡ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠨ᠎ᠠ᠃ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠨᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠨ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠣᠯᠠᠨ ᠲᠦᠮᠡᠨ ᠤ ᠲᠤᠰᠬᠠᠯ ᠶᠡᠬᠡᠲᠡᠶ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠴᠡᠭᠴᠡᠯᠡᠨ ᠥᠭᠡᠷᠡᠴᠢᠯᠡᠬᠦ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠬᠤ ᠪᠣᠯᠤᠨ᠎ᠠ᠃ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠤᠯᠤᠰ ᠲᠦᠷᠦ ᠶᠢᠨ ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠴᠢᠳᠠᠪᠤᠷᠢ ᠶᠢᠨ ᠠᠰᠠᠭᠤᠳᠠᠯ᠂ ᠢᠯᠵᠠᠷᠠᠯ ᠤᠨ ᠠᠰᠠᠭᠤᠳᠠᠯ ᠪᠠ ᠰᠤᠷᠲᠠᠯ ᠤᠨ ᠠᠰᠠᠭᠤᠳᠠᠯ ᠢ ᠨᠢ ᠬᠦᠴᠦ ᠲᠠᠯᠪᠢᠨ ᠢᠯᠡᠷᠡᠭᠦᠯᠵᠦ ᠰᠢᠢᠤᠡᠪᠤᠷᠢᠯᠡᠬᠦ ᠪᠠᠨ ᠲᠦᠯᠬᠢᠨ ᠠᠬᠢᠭᠤᠯᠤᠨ᠎ᠠ᠃       ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠬᠠᠶ ᠶᠢᠨ ᠲᠠᠯᠠᠪᠤᠷ ᠲᠤ ᠲᠣᠭᠤᠷᠢᠨ ᠪᠠᠶᠢᠴᠠᠭᠠᠬᠤ ᠴᠠᠭ ᠨᠢ 75 ᠡᠳᠦᠷ ᠣᠷᠴᠢᠮ ᠪᠠᠶᠢᠵᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠤᠡᠪᠤᠷᠢᠯᠡᠬᠦ ᠴᠠᠭ ᠨᠢ 2023 ᠣᠨ ᠤ 6 ᠰᠠᠷ᠎ᠠ ᠶᠢᠨ 30᠎ ᠤ ᠡᠳᠦᠷ ᠬᠦᠷᠦᠨ᠎ᠡ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠵᠢᠵᠢᠭᠦᠷ ᠤᠨ ᠤᠲᠠᠰᠤ᠂ ᠡᠯᠧᠺᠲᠷᠣᠨ ᠰᠢᠦᠳᠠᠨ ᠬᠠᠶᠢᠷᠴᠠᠭ ᠵᠡᠷᠭᠡ ᠶᠢ ᠲᠣᠬᠢᠷᠠᠭᠤᠯᠵᠤ᠂ ᠭᠤᠣᠯᠳᠠᠭᠤ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠵᠢᠴᠢ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠳᠤᠰᠬᠠᠯ ᠪᠣᠯᠤᠨ᠎ᠠ᠃ ᠴᠠᠭᠳᠠᠨ ᠪᠠᠶᠢᠴᠠᠭᠠᠵᠤ ᠬᠦᠯᠢᠶᠡᠨ ᠠᠪᠴᠤ ᠰᠢᠢᠤᠡᠪᠤᠷᠢᠯᠡᠬᠦ ᠬᠡᠪᠴᠢᠶᠡᠨ ᠳᠤ ᠪᠠᠭᠲᠠᠬᠤ ᠦᠭᠡᠶ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠨᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠳᠤ ᠲᠤᠰᠢᠶᠠᠵᠤ ᠨᠠᠷᠢᠨ ᠬᠢᠨᠠᠮᠠᠭᠠᠶ ᠰᠢᠢᠤᠡᠪᠤᠷᠢᠯᠡᠭᠦᠯᠤᠨ᠎ᠡ᠃

微信图片_20230427112311.png

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号