ᠬᠠᠶᠢᠷᠤᠪ ᠤᠨ ᠲᠣᠬᠤᠢ ᠲᠣᠭᠤᠷᠢᠭ ᠤᠨ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠠᠵᠢᠯ ‍ᠤᠨ‌ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮᠯᠡᠯ
ᠨᠡᠶᠢᠲᠡᠯᠡᠭᠰᠡᠨ ᠴᠠᠭ᠄
2023/4/29

      ᠨᠢᠭᠡᠳᠦᠭᠡᠷ ᠪᠦᠯᠦᠭ    ᠶᠡᠷᠦᠩᠬᠡᠢ ᠳᠦᠷᠢᠮ

      ᠨᠢᠭᠡᠳᠦᠭᠡᠷ ᠵᠤᠷᠪᠤᠰ᠄ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ

ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠠᠬᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠠᠷᠢᠮᠵᠢᠶᠠᠵᠢᠭᠤᠯᠬᠤ

ᠪᠠ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠠᠵᠢᠯ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ

ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠡᠯ᠎ᠡ ᠰᠠᠯᠠᠭ᠎ᠠ ᠮᠥᠴᠢᠷ ᠲᠣᠰ ᠲᠣᠰ ᠤᠨ ᠡᠭᠦᠷᠭᠡ

ᠲᠤᠰᠢᠶᠠᠯ ᠢᠶᠠᠨ ᠭᠦᠢᠴᠡᠳᠭᠡᠬᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠴᠤᠭᠭᠠᠷ ᠠᠳᠬᠤᠨ

ᠬᠠᠮᠲᠤᠪᠠᠷ ᠬᠠᠮᠢᠶᠠᠷᠬᠤ᠂ ᠨᠢᠭᠲᠠ ᠬᠠᠮᠵᠢᠯᠴᠠᠬᠤ ᠶᠡᠭᠡ ᠶᠠᠰᠤ ᠴᠢᠨᠠᠷ ᠤᠨ ᠠᠵᠢᠯ ᠤᠨ ᠲᠣᠭᠲᠠᠴᠠ ᠶᠢ

ᠪᠦᠷᠢᠯᠳᠦᠭᠦᠯᠵᠦ᠂ ︽︿ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ

ᠬᠥᠲᠥᠯᠪᠦᠷᠢ﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠪᠣᠯᠤᠨ ᠦᠬᠠᠶ ᠬᠤᠲᠠ ᠶᠢᠨ ᠪᠠᠷᠢᠮᠵᠢᠶᠠᠵᠢᠭᠤᠯᠬᠤ ᠪᠠ ᠶᠠᠰᠤ

ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ

ᠳᠠᠷᠤᠮᠠᠯᠯᠠᠨ ᠲᠠᠷᠬᠠᠭᠠᠭᠰᠠᠨ ︽︿ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠦᠲᠦᠭᠡᠨ

ᠪᠠᠶᠢᠭᠤᠯᠤᠯᠲᠠ ᠶᠢᠨ ᠬᠥᠲᠥᠯᠪᠦᠷᠢ﹀᠎ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠵᠡᠷᠭᠡ ᠪᠢᠴᠢᠭ

ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠳᠦᠷᠢᠮ ᠢ ᠲᠣᠭᠲᠠᠭᠠᠪᠠ᠃

      ᠬᠤᠶᠠᠳᠤᠭᠠᠷ ᠵᠤᠷᠪᠤᠰ᠄ ᠬᠠᠶᠢᠷᠤᠪ ᠤᠨ ᠲᠣᠬᠤᠶ ᠲᠣᠭᠤᠷᠢᠭ ᠤᠨ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ

ᠲᠤᠭᠤᠷᠢᠭ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠪᠣᠯ ᠬᠠᠶᠢᠷᠤᠪ ᠤᠨ ᠲᠣᠬᠤᠶ

ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠷᠢᠮᠵᠢᠶ᠎ᠠ ᠪᠠ ᠶᠠᠰᠤ ᠴᠢᠨᠠᠷ ᠤᠨ ᠠᠵᠢᠯ ᠤᠨ ᠪᠠᠶᠢᠭᠤᠯᠤᠮᠵᠢ

ᠪᠣᠯᠤᠨ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠠᠯᠪᠠᠨ ᠬᠡᠷ ᠭᠡᠵᠦ ᠲᠣᠪᠴᠢᠯᠠᠨ᠎ᠠ︶ ᠪᠣᠯ

ᠲᠤᠭᠤᠷᠢᠭ ᠤᠨ ᠵᠠᠰᠠᠭ ᠤᠨ ᠣᠷᠳᠣᠨ ᠤ ᠪᠠᠷᠢᠮᠵᠢᠶ᠎ᠠ᠂ ᠶᠠᠰᠤ ᠴᠢᠨᠠᠷ ᠤᠨ ᠠᠵᠢᠯ ᠤᠨ ᠬᠡᠷᠡᠭ ᠵᠥᠪᠯᠡᠵᠦ

ᠵᠣᠬᠢᠴᠠᠭᠤᠯᠬᠤ ᠪᠠᠶᠢᠭᠤᠯᠤᠮᠵᠢ ᠮᠥᠨ᠂ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠶᠢᠷᠤᠪ ᠤᠨ ᠲᠣᠬᠤᠶ

ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠭᠦᠷᠭᠡᠯᠡᠨ᠎ᠡ᠃

      ᠬᠤᠶᠠᠳᠤᠭᠠᠷ ᠪᠦᠯᠦᠭ    ᠳᠤᠭᠤᠶᠢᠯᠠᠩ ᠤᠨ ᠪᠦᠷᠢᠯᠳᠦᠯ

      ᠭᠤᠷᠪᠠᠳᠤᠭᠠᠷ ᠵᠤᠷᠪᠤᠰ᠄ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠲᠣᠭᠤᠷᠢᠭ ᠤᠨ

ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠳ᠋ᠥᠸᠧ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ

ᠲᠤᠰᠢᠶᠠᠯ ᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠵᠠᠩ ᠱᠢ ᠶᠦᠩ᠂

ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠯᠢᠶᠠᠩ ᠢᠦᠶ ᠫᠧᠩ

ᠡᠭᠦᠷᠭᠡᠯᠡᠨ᠎ᠡ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠢ ᠲᠤᠭᠤᠷᠢᠭ ᠤᠨ ᠨᠠᠮ ᠤᠨ ᠬᠤᠷᠢᠶᠠᠨ ᠤ

ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ

ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ

ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ

ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ

ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ

ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ

ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ

ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋

ᠬᠥᠷᠥᠩᠭᠡ ᠶᠢᠨ ᠵᠥᠪᠯᠡᠯ᠂ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂

ᠬᠠᠶᠢᠷᠤᠪ ᠤᠨ ᠲᠣᠬᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠠᠩᠰᠠ ᠡᠪᠬᠡᠮᠡᠯ ᠲᠡᠤᠬᠡ

ᠣᠶᠢᠯᠠᠯᠭ᠎ᠠ ᠶᠢᠨ ᠲᠣᠪᠴᠢᠶ᠎ᠠ᠂ ᠬᠠᠶᠢᠷᠤᠪ ᠤᠨ ᠲᠣᠬᠤᠶ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ

ᠬᠤᠪᠢᠶᠠᠷᠢ ᠲᠣᠪᠴᠢᠶ᠎ᠠ᠂ ᠬᠠᠶᠢᠷᠤᠪ ᠤᠨ ᠲᠣᠬᠤᠶ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ

ᠲᠣᠪᠴᠢᠶ᠎ᠠ ᠵᠡᠷᠭᠡ 25 ᠰᠠᠯᠠᠭ᠎ᠠ ᠮᠥᠴᠢᠷ ᠪᠠ ᠨᠢᠭᠡᠴᠡ ᠪᠠᠷ ᠪᠦᠷᠢᠯᠳᠦᠨ᠎ᠡ᠃

      ᠳᠥᠷᠪᠡᠳᠦᠭᠡᠷ ᠵᠤᠷᠪᠤᠰ᠄ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠶᠢᠷᠤᠪ ᠤᠨ ᠲᠣᠬᠤᠢ

ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ

ᠡᠭᠦᠷᠭᠡᠯᠡᠨ᠎ᠡ᠃ ᠪᠦᠷᠢᠯᠳᠦᠬᠦᠨ ᠨᠡᠷ ᠤᠨ ᠠᠵᠢᠯ ᠤᠨ ᠬᠤᠪᠢᠷᠠᠯᠲᠠ ᠠᠴᠠ ᠪᠣᠯᠵᠤ ᠲᠣᠬᠢᠷᠠᠭᠤᠯᠤᠯᠲᠠ ᠬᠢᠬᠦ

ᠴᠢᠬᠤᠯᠠ ᠲᠠᠢ ᠪᠣᠯ ᠪᠠᠶᠢᠭ᠎ᠠ ᠨᠢᠭᠡᠴᠡ ᠠᠴᠠ ᠪᠠᠨ ᠳᠤᠷᠠᠳᠴᠤ᠂ ᠠᠯᠪᠠᠨ ᠭᠡᠷ ᠠᠴᠠ ᠪᠢᠴᠢᠭ ᠮᠠᠲ᠋ᠧᠷᠢᠶᠠᠯ ᠪᠠᠭᠤᠯᠭᠠᠵᠤ

ᠲᠣᠬᠢᠷᠠᠭᠤᠯᠤᠯᠲᠠ ᠬᠢᠬᠦ ᠬᠡᠷᠡᠭᠲᠡᠶ᠃ ᠠᠯᠪᠠᠨ ᠭᠡᠷ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠪᠦᠷᠢᠯᠳᠦᠬᠦᠨ

ᠨᠢᠭᠡᠴᠡ ᠳᠤ ᠲᠣᠬᠢᠷᠠᠭᠤᠯᠤᠯᠲᠠ ᠬᠢᠵᠦ ᠪᠣᠯᠤᠨ᠎ᠠ᠃ ᠡᠯ᠎ᠡ ᠪᠦᠷᠢᠯᠳᠦᠬᠦᠨ ᠨᠢᠭᠡᠴᠡ ᠨᠢᠭᠡᠨ ᠬᠤᠯᠪᠣᠭᠠᠴᠢᠨ ᠵᠢᠭᠠᠨ

ᠲᠣᠭᠲᠠᠭᠠᠵᠤ᠂ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠠᠵᠢᠯ ᠤᠨ

ᠪᠠᠶᠢᠳᠠᠯ ᠢ ᠴᠠᠭ ᠲᠤᠬᠠᠶ ᠳᠤᠨᠢ ᠨᠡᠪᠲᠡᠷᠡᠯᠴᠡᠭᠦᠯᠦᠨ᠎ᠡ᠃

      ᠭᠤᠷᠪᠠᠳᠤᠭᠠᠷ ᠪᠦᠯᠦᠭ      ᠪᠦᠷᠢᠯᠳᠦᠬᠦᠨ ᠨᠢᠭᠡᠴᠡ ᠶᠢᠨ ᠭᠤᠤᠯ ᠡᠭᠦᠷᠭᠡ ᠬᠠᠷᠢᠭᠤᠴᠠᠯᠭ᠎ᠠ

      ᠲᠠᠪᠤᠳᠤᠭᠠᠷ ᠵᠤᠷᠪᠤᠰ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠦᠬᠠᠶ ᠬᠤᠲᠠ ᠶᠢᠨ ᠨᠠᠮ ᠤᠨ ᠬᠤᠷᠢᠶ᠎ᠠ᠂

ᠵᠠᠰᠠᠭ ᠤᠨ ᠣᠷᠳᠣᠨ ᠪᠣᠯᠤᠨ ᠶᠠᠰᠤ ᠴᠢᠨᠠᠷ ᠤᠨ ᠠᠵᠢᠯ ᠤᠨ ᠲᠤᠬᠠᠶ ᠰᠢᠢᠤᠡᠪᠤᠷᠢᠳᠤ ᠪᠣᠳᠣᠯᠭ᠎ᠠ ᠶᠢᠨ

ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠶᠠᠰᠤ ᠴᠢᠨᠠᠷ ᠢ ᠲᠡᠷᠢᠭᠦᠨ ᠳᠤ ᠲᠠᠯᠪᠢᠬᠤ︾

᠎ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ

ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠤᠨ᠎ᠠ᠃

      ᠵᠢᠷᠭᠤᠳᠤᠭᠠᠷ ᠵᠤᠷᠪᠤᠰ᠄ ᠪᠠᠷᠢᠮᠵᠢᠶᠠᠵᠢᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠠᠮᠢᠶ᠎ᠠ

ᠪᠦᠬᠦᠢ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠪᠠ ᠠᠵᠢᠯ ᠤᠨ

ᠰᠡᠳᠬᠢᠮᠵᠢ ᠶᠢ ᠰᠤᠳᠤᠯᠤᠨ ᠳᠤᠷᠠᠳᠴᠤ᠂ ᠪᠠᠷᠢᠮᠵᠢᠶᠠᠵᠢᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ

ᠥᠷᠨᠢᠭᠦᠯᠦᠨ᠂ ᠶᠠᠰᠤ ᠴᠢᠨᠠᠷ ᠤᠨ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ

ᠰᠠᠭᠤᠷᠢ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠦᠨ᠂ ᠶᠠᠰᠤ ᠴᠢᠨᠠᠷ ᠤᠨ ᠤᠬᠠᠭᠤᠯᠭ᠎ᠠ ᠶᠢ ᠢᠳᠡᠪᠬᠢᠲᠡᠶ ᠬᠢᠵᠦ᠂

ᠶᠠᠰᠤ ᠴᠢᠨᠠᠷ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃

      ᠳᠥᠷᠪᠡᠳᠦᠭᠡᠷ ᠪᠦᠯᠦᠭ     ᠠᠯᠪᠠᠨ ᠭᠡᠷ ᠤᠨ ᠭᠤᠤᠯ ᠡᠭᠦᠷᠭᠡ ᠬᠠᠷᠢᠭᠤᠴᠠᠯᠭ᠎ᠠ

      ᠳᠣᠯᠣᠳᠤᠭᠠᠷ ᠵᠤᠷᠪᠤᠰ᠄ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ

ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠷᠢᠮᠵᠢᠶᠠᠵᠢᠭᠤᠯᠬᠤ ᠪᠠ ᠶᠠᠰᠤ ᠴᠢᠨᠠᠷ ᠤᠨ

ᠠᠵᠢᠯ ᠤᠨ ᠶᠡᠷᠦᠩᠬᠡᠶ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ

ᠲᠣᠭᠲᠠᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ

ᠲᠤᠭᠤᠷᠢᠭ ᠢᠶᠠᠨ ᠬᠦᠴᠦᠷᠬᠡᠭᠵᠢᠭᠦᠯᠬᠦ ᠣᠨ ᠤ ᠠᠵᠢᠯ ᠢ ᠪᠠᠶᠢᠷᠢᠯᠠᠭᠤᠯᠤᠨ᠂ ᠶᠠᠰᠤ ᠴᠢᠨᠠᠷ ᠤᠨ ᠬᠥᠭᠵᠢᠯᠲᠡ ᠪᠠ ᠶᠠᠰᠤ

ᠴᠢᠨᠠᠷ ᠤᠨ ᠠᠮᠤᠷ ᠲᠦᠪᠰᠢᠨ ᠤ ᠠᠵᠢᠯ ᠢ ᠵᠢᠯᠣᠭᠤᠳᠤᠨ᠎ᠠ᠃ ᠦᠬᠠᠶ ᠬᠤᠲᠠ ᠶᠢᠨ ᠪᠠᠷᠢᠮᠵᠢᠶᠠᠵᠢᠭᠤᠯᠬᠤ ᠪᠠ ᠶᠠᠰᠤ

ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠠᠢ

ᠵᠣᠯᠭᠠᠭᠤᠯᠤᠨ᠎ᠠ᠃ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ

ᠱᠠᠯᠠᠪᠳᠠᠭᠤᠯᠬᠤ ᠬᠡᠷᠡᠭᠲᠡᠢ ᠃

      ᠨᠠᠢ᠌ᠮᠠᠳᠤᠭᠠᠷ ᠵᠤᠷᠪᠤᠰ᠄ ᠦᠬᠠᠶ ᠬᠤᠲᠠ ᠶᠢᠨ ᠵᠠᠰᠠᠭ ᠤᠨ ᠣᠷᠳᠣᠨ ᠤ ᠬᠠᠶᠢᠷᠤᠪ ᠤᠨ ᠲᠣᠬᠤᠶ ᠲᠣᠭᠤᠷᠢᠭ ᠤᠨ

ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠠᠵᠢᠯ ᠤᠨ ᠰᠢᠯᠭᠠᠨ

ᠬᠢᠨᠠᠬᠤ ᠶᠢ ᠵᠣᠬᠢᠶᠠᠨ ᠪᠠᠶᠢᠭᠤᠯᠤᠨ ᠪᠡᠶᠡᠯᠡᠭᠦᠯᠦᠨ᠎ᠡ᠃

      ᠶᠢᠰᠦᠳᠦᠭᠡᠷ ᠵᠤᠷᠪᠤᠰ᠄ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ

ᠠᠵᠢᠯ ᠤᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠷᠢᠮᠵᠢᠶᠠᠵᠢᠭᠤᠯᠬᠤ ᠪᠠ ᠶᠠᠰᠤ

ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠲᠡᠷᠢᠭᠦᠨ ᠤ ᠲᠤᠷᠰᠢᠯᠭ᠎ᠠ ᠪᠠ ᠬᠢᠳᠡᠯ ᠢ ᠳ᠋ᠦᠩᠨᠡᠨ ᠳᠡᠯᠭᠡᠷᠡᠭᠦᠯᠦᠨ᠎ᠡ᠃

     ᠠᠷᠪᠠᠳᠤᠭᠠᠷ ᠵᠤᠷᠪᠤᠰ᠄ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ ᠃

      ᠳᠥᠷᠪᠡᠳᠦᠭᠡᠷ ᠪᠦᠯᠦᠭ     ᠠᠵᠢᠯ ᠤᠨ ᠳᠦᠷᠢᠮ

      ᠠᠷᠪᠠᠨ ᠨᠢᠭᠡᠳᠦᠭᠡᠷ ᠵᠤᠷᠪᠤᠰ᠄ ᠬᠤᠷᠠᠯ ᠤᠨ ᠳᠦᠷᠢᠮ᠃ ᠬᠤᠷᠠᠯ ᠢ ᠠᠵᠢᠯ ᠤᠨ ᠬᠡᠷᠡᠭᠴᠡᠭᠡ ᠪᠠᠨ

ᠦᠨᠳᠦᠰᠦᠯᠡᠨ ᠬᠤᠷᠠᠯᠳᠤᠭᠤᠯᠵᠤ᠂ ᠠᠯᠪᠠᠨ ᠭᠡᠷ ᠠᠴᠠ ᠬᠤᠷᠠᠯᠳᠤᠭᠤᠯᠵᠤ᠂ ᠪᠠᠷᠢᠮᠵᠢᠶᠠᠵᠢᠭᠤᠯᠬᠤ ᠪᠠ ᠶᠠᠰᠤ

ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠰᠤᠳᠤᠯᠤᠨ

ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠲᠤᠰᠬᠠᠶ

ᠠᠵᠢᠯ ᠢ ᠵᠣᠬᠢᠴᠠᠭᠤᠯᠤᠨ ᠥᠷᠨᠢᠭᠦᠯᠦᠨ᠎ᠡ᠃ ᠪᠣᠳᠠᠲᠠᠶ ᠠᠵᠢᠯ ᠤᠨ ᠵᠦᠢᠯᠡᠰ ᠢ ᠰᠤᠳᠤᠯᠬᠤ ᠳᠠᠭᠠᠨ᠂ ᠬᠡᠰᠡᠭ

ᠪᠦᠷᠢᠯᠳᠦᠬᠦᠨ ᠨᠢᠭᠡᠴᠡ ᠶᠢ ᠴᠤᠭᠯᠠᠭᠤᠯᠤᠨ ᠬᠤᠷᠠᠯ ᠳᠤ ᠣᠷᠣᠯᠴᠠᠭᠤᠯᠵᠤ ᠪᠣᠯᠤᠨ᠎ᠠ᠂ ᠪᠤᠰᠤᠳ ᠬᠤᠯᠪᠣᠭᠳᠠᠯ ᠪᠥᠬᠦᠶ

ᠰᠠᠯᠠᠭ᠎ᠠ ᠮᠥᠴᠢᠷ ᠪᠣᠯᠤᠨ ᠲᠤᠰᠬᠠᠶ ᠮᠡᠷᠭᠡᠵᠢᠯᠲᠡᠨ ᠢ ᠤᠷᠢᠵᠤ ᠬᠤᠷᠠᠯ ᠳᠤ ᠣᠷᠣᠯᠴᠠᠭᠤᠯᠤᠭᠰᠠᠨ ᠴᠤ ᠪᠣᠯᠤᠨ᠎ᠠ᠃

      ᠠᠷᠪᠠᠨ ᠬᠤᠶᠠᠳᠤᠭᠠᠷ ᠵᠤᠷᠪᠤᠰ᠄ ᠠᠵᠢᠯ ᠤᠨ ᠮᠡᠳᠡᠭᠦᠯᠦᠯᠲᠡ ᠶᠢᠨ ᠳᠦᠷᠢᠮ᠃ ᠪᠦᠷᠢᠯᠳᠦᠬᠦᠨ ᠨᠢᠭᠡᠴᠡ ᠨᠢ

ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠭᠤᠤᠯᠳᠠᠯᠭ᠎ᠠ ᠲᠠᠢ ᠠᠵᠢᠯ ᠢ

ᠠᠬᠢᠭᠤᠯᠤᠭᠰᠠᠨ ᠪᠠᠶᠢᠳᠠᠯ ᠪᠠ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ

ᠪᠠᠶᠢᠳᠠᠯ ᠢᠶᠠᠨ ᠴᠠᠭ ᠲᠤᠬᠠᠶ ᠳᠤᠨᠢ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠶ᠃

      ᠠᠷᠪᠠᠨ ᠭᠤᠷᠪᠠᠳᠤᠭᠠᠷ ᠵᠤᠷᠪᠤᠰ᠄ ᠪᠠᠶᠢᠳᠠᠯ ᠢ ᠮᠡᠳᠡᠭᠡᠯᠡᠬᠦ ᠳᠦᠷᠢᠮ᠃ ᠪᠠᠷᠢᠮᠵᠢᠶᠠᠵᠢᠭᠤᠯᠬᠤ ᠪᠠ ᠶᠠᠰᠤ

ᠴᠢᠨᠠᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠠᠵᠢᠯ ᠤᠨ ᠴᠢᠬᠤᠯᠠ ᠶᠡᠭᠡ ᠰᠢᠢᠤᠡᠪᠤᠷᠢᠳᠤ ᠪᠣᠳᠣᠯᠭ᠎ᠠ ᠶᠢᠨ

ᠪᠠᠶᠢᠷᠢᠯᠠᠭᠤᠯᠤᠯᠲᠠ ᠶᠢᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠤᠯᠳᠠᠯᠭ᠎ᠠ ᠲᠠᠢ ᠠᠵᠢᠯ ᠢ

ᠥᠷᠨᠢᠭᠦᠯᠦᠭᠰᠡᠨ ᠪᠠᠶᠢᠳᠠᠯ᠂ ᠰᠢᠮᠳᠠᠭᠤᠯᠤᠨ ᠭᠦᠢᠴᠡᠳᠬᠡᠬᠦ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ

ᠪᠤᠰᠤᠳ ᠨᠡᠪᠲᠡᠷᠡᠭᠦᠯᠬᠦ ᠴᠢᠬᠤᠯᠠᠲᠠᠶ ᠴᠢᠬᠤᠯᠠ ᠵᠦᠢᠯᠡᠰ ᠢ ᠠᠯᠪᠠᠨ ᠭᠡᠷ ᠤᠨ ᠡᠷᠬᠢᠯᠡᠭᠴᠢ ᠠᠴᠠ

ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃

      ᠲᠠᠪᠤᠳᠤᠭᠠᠷ ᠪᠦᠯᠦᠭ     ᠳᠠᠭᠠᠯᠳᠤᠭᠤᠯᠤᠯ ᠳᠦᠷᠢᠮ

      ᠠᠷᠪᠠᠨ ᠳᠥᠷᠪᠡᠳᠦᠭᠡᠷ ᠵᠤᠷᠪᠤᠰ᠄ ᠲᠤᠰ ᠳᠦᠷᠢᠮ ᠢ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃

      ᠠᠷᠪᠠᠨ ᠲᠠᠪᠤᠳᠤᠭᠠᠷ ᠵᠤᠷᠪᠤᠰ᠄ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号