ᠵᠠᠮ ᠤᠨ ᠳ᠋ᠧᠩ ᠴᠠᠬᠢᠯᠭᠠᠨ ᠬᠦᠴᠦᠨ ᠤ ᠲᠥᠬᠦᠭᠡᠷᠦᠮᠵᠢ ᠳᠤ ᠪᠠᠶᠢᠴᠠᠭᠠᠯᠲᠠ ᠬᠢᠵᠤ᠂ ᠵᠠᠮ ᠬᠠᠷᠢᠯᠴᠠᠭᠠᠨ ᠤ ᠭᠡᠷᠡᠯᠲᠦᠭᠦᠯᠭᠡ ᠶᠢᠨ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2023/4/3
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠬᠤ ᠶᠢᠨ ᠲᠤᠰᠠᠳᠠ᠂ ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠵᠤᠨ ᠤ ᠤᠯᠠᠷᠢᠯ ᠤᠨ ᠪᠣᠷᠣᠭᠠᠨ ᠤ ᠤᠰᠤ ᠨᠡᠮᠡᠭᠳᠡᠭᠰᠡᠨ ᠠᠴᠠ ᠪᠣᠯᠵᠤ ᠵᠠᠮ ᠤᠨ ᠳ᠋ᠧᠩ ᠤᠨ ᠴᠠᠬᠢᠯᠭᠠᠨ ᠬᠡᠷᠡᠭᠯᠡᠬᠦ ᠲᠥᠬᠦᠭᠡᠷᠦᠮᠵᠢ ᠳᠤ ᠤᠴᠠᠷᠠᠭᠤᠯᠤᠭᠰᠠᠨ ᠠᠮᠤᠷ ᠲᠦᠪᠰᠢᠨ ᠤ ᠬᠡᠮ ᠰᠣᠭᠤᠭ ᠢ ᠨᠢ ᠴᠠᠭ ᠲᠤᠬᠠᠢ ᠳᠤᠨᠢ ᠪᠠᠶᠢᠴᠠᠭᠠᠵᠤ᠂ 3 ᠰᠠᠷ᠎ᠠ ᠶᠢᠨ 30᠎ ᠤ ᠦᠳᠡ ᠶᠢᠨ ᠡᠮᠦᠨ᠎ᠡ᠂ ᠮᠠᠨ ᠤ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠵᠢᠴᠢ ᠴᠡᠭᠡᠯ ᠠᠭᠤᠯᠠ ᠴᠠᠬᠢᠯᠭᠠᠨ ᠬᠠᠩᠭᠠᠬᠤ ᠺᠣᠮᠫᠠᠨᠢ ᠲᠠᠢ ᠬᠠᠮᠲᠤᠷᠠᠨ ᠬᠠᠶᠢᠷᠤᠪ ᠤᠨ ᠲᠣᠬᠤᠢ ᠲᠣᠭᠤᠷᠢᠭ ᠤᠨ ᠵᠠᠮ ᠤᠨ ᠳ᠋ᠧᠩ ᠤᠨ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠠᠮᠤᠷ ᠲᠦᠪᠰᠢᠨ ᠳᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃       ᠲᠣᠰ ᠤᠳᠠᠭᠠᠨ ᠤ ᠪᠠᠶᠢᠴᠠᠭᠠᠯᠲᠠ ᠳᠤ᠂ ᠶᠢᠨ ᠢᠦᠢ ᠵᠠᠬ᠎ᠠ ᠳᠡᠯᠭᠡᠭᠦᠷ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠵᠢᠴᠢ ᠯᠢᠨ ᠶᠢᠨ ᠶᠡᠭᠡ ᠵᠠᠮ ᠤᠨ ᠬᠤᠶᠠᠷ ᠬᠠᠵᠠᠭᠤ ᠶᠢᠨ ᠵᠠᠮ ᠤᠨ ᠳ᠋ᠧᠩ ᠪᠣᠯᠣᠨ ᠬᠦᠴᠦᠳᠡᠯ ᠥᠭᠡᠷᠡᠴᠢᠯᠡᠭᠴᠢ ᠳᠤ ᠨᠢᠭᠡ ᠡᠭᠡᠯᠵᠢ ᠶᠢᠨ ᠪᠥᠬᠦ ᠲᠠᠯ᠎ᠠ ᠶᠢᠨ ᠨᠠᠷᠢᠯᠢᠭ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠵᠠᠮ ᠤᠨ ᠳ᠋ᠧᠩ ᠵᠡᠷᠭᠡ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠦᠷᠭᠦᠯᠵᠢᠯᠡᠨ ᠴᠠᠬᠢᠯᠭᠠᠨ ᠬᠦᠴᠦᠨ ᠤ ᠰᠠᠯᠠᠭ᠎ᠠ ᠮᠥᠴᠢᠷ ᠲᠠᠢ ᠬᠤᠯᠪᠤᠭᠠᠯᠠᠨ ᠬᠤᠳᠠ ᠶᠢᠨ ᠠᠵᠢᠯᠯᠠᠭᠠᠨ ᠤ ᠠᠮᠤᠷ ᠲᠦᠪᠰᠢᠨ ᠤ ᠲᠣᠭᠤᠷᠢᠨ ᠳᠤ ᠵᠠᠮ ᠤᠨ ᠳ᠋ᠧᠩ ᠤᠨ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠭᠡᠮ ᠰᠣᠭᠤᠭ ᠢ ᠨᠢ ᠪᠠᠶᠢᠴᠠᠭᠠᠨ ᠵᠠᠰᠠᠬᠤ ᠶᠢ ᠭᠤᠣᠯᠳᠠᠯᠭ᠎ᠠ ᠲᠠᠢ ᠥᠷᠨᠢᠭᠦᠯᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠢ ᠰᠠᠶᠢᠲᠤᠷ ᠬᠢᠵᠦ᠂ ᠵᠠᠮ ᠤᠨ ᠳ᠋ᠧᠩ ᠤᠨ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠠᠵᠢᠯᠯᠠᠭᠠᠨ ᠤ ᠠᠮᠤᠷ ᠲᠦᠪᠰᠢᠨ ᠢ ᠨᠢ ᠪᠠᠲᠤᠯᠠᠵᠤ᠂ ᠦᠢᠯᠡᠳᠪᠦᠷᠢᠯᠡᠯ ᠪᠣᠯᠣᠨ ᠠᠮᠤᠷ ᠲᠦᠪᠰᠢᠨ ᠢᠶᠠᠨ ᠵᠡᠷᠭᠡᠪᠡᠷ ᠬᠠᠮᠢᠶᠠᠷᠤᠨ᠎ᠠ᠃
1680230902084082411.jpg
1680230909916045303.jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号