2023 ᠣᠨ ᠤ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠤ ᠠᠬᠤᠶᠢᠯᠠᠯ ᠤᠨ ᠤᠶᠢᠯᠡᠤᠡᠪᠤᠷᠢᠯᠡᠯ ᠢ ᠬᠢᠵᠠᠭᠠᠷᠯᠠᠬᠤ᠂ ᠤᠶᠢᠯᠡᠤᠡᠪᠤᠷᠢᠯᠡᠯ  ᠢ ᠵᠣᠭᠰᠣᠭᠠᠬᠤ ᠶᠢᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2023/4/3
      ︽2022 - 2024 ᠣᠨ ᠳᠤ ᠦᠬᠠᠶ ᠬᠤᠲᠠ ᠶᠢᠨ ᠬᠡᠦᠷᠰᠢᠭᠦᠯᠬᠦ ᠠᠵᠤ ᠠᠬᠤᠶᠢᠯᠠᠯ ᠢ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠶᠢ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ︵  ᠦᠬᠠᠢ ᠬᠡᠦᠷᠰᠢᠭᠦᠯᠬᠦ ᠳᠠᠬᠢᠨ ᠳᠤᠭᠤᠶᠢᠯᠠᠩ ᠠᠯᠪᠠᠨ ︹2022︺ 7 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠬᠡᠦᠷᠰᠢᠭᠦᠯᠬᠦ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠢᠯ ᠢ ᠰᠠᠶᠢᠲᠤᠷ ᠬᠢᠵᠦ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠡᠦᠷᠰᠢᠭᠦᠯᠬᠦ ᠠᠵᠤ ᠦᠢᠯᠡᠰ ᠤᠨ ᠭᠤᠤᠯᠯᠠᠬᠤ ᠥᠷᠢᠰᠥᠯᠳᠦᠬᠦ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠲᠣᠰ ᠲᠥᠰᠦᠯ ᠢ ᠲᠣᠭᠲᠠᠭᠠᠪᠠ᠃      ᠨᠢᠭᠡ᠂ ᠠᠵᠢᠯ ᠤᠨ ᠵᠠᠷᠴᠢᠮ      ︵ᠨᠢᠭᠡ︶ ᠵᠠᠰᠠᠭ ᠤᠨ ᠣᠷᠳᠣᠨ ᠢᠶᠠᠷ ᠭᠤᠣᠯᠯᠠᠭᠤᠯᠬᠤ      ᠲᠤᠭᠤᠷᠢᠭ ᠤᠨ ᠵᠠᠰᠠᠭ ᠤᠨ ᠣᠷᠳᠣᠨ ᠪᠣᠯ ᠬᠡᠤᠷᠰᠢᠭᠦᠯᠬᠦ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠢᠯ ᠢ ᠬᠡᠷᠡᠭᠵᠢᠭᠦᠯᠬᠦ ᠭᠤᠤᠯ ᠴᠣᠭᠴᠠ ᠪᠣᠯᠤᠨ᠎ᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠡᠤᠷᠰᠢᠭᠦᠯᠬᠦ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠢᠯ ᠢ ᠬᠠᠤᠯᠢ ᠲᠣᠭᠲᠠᠭᠠᠯ ᠶᠣᠰᠣᠭᠠᠷ ᠠᠬᠢᠭᠤᠯᠬᠤ ᠬᠡᠷᠡᠭᠲᠡᠶ᠃      ︵ᠬᠤᠶᠠᠷ︶ ᠪᠦᠬᠦᠯᠢ ᠴᠣᠭᠴᠠ ᠪᠠᠷ ᠬᠡᠷᠡᠭᠵᠢᠭᠦᠯᠵᠦ᠂ ᠯᠠᠪᠳᠠᠭᠤᠨ ᠢᠶᠠᠷ ᠠᠬᠢᠭᠤᠯᠬᠤ ᠬᠡᠷᠡᠭᠲᠡᠢ      ︽2022 - 2024 ᠣᠨ ᠳᠤ ᠦᠬᠠᠶ ᠬᠤᠲᠠ ᠶᠢᠨ ᠬᠡᠦᠷᠰᠢᠭᠦᠯᠬᠦ ᠠᠵᠤ ᠠᠬᠤᠶᠢᠯᠠᠯ ᠢ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠶᠢ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ︵ᠦᠬᠠᠢ ᠬᠡᠦᠷᠰᠢᠭᠦᠯᠬᠦ ᠳᠠᠬᠢᠨ ᠳᠤᠭᠤᠶᠢᠯᠠᠩ ᠠᠯᠪᠠᠨ ︹2022︺ 7 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠨᠢᠭᠡ ᠲᠠᠯ᠎ᠠ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠶᠢ ᠠᠳᠬᠤᠬᠤ ᠶᠢ ᠪᠠᠷᠢᠮᠲᠠᠯᠠᠵᠤ᠂ ᠨᠢᠭᠡ ᠲᠠᠯ᠎ᠠ ᠪᠠᠷ ᠨᠡᠶᠢᠭᠡᠮ ᠤᠨ ᠲᠣᠭᠲᠠᠭᠤᠨ ᠪᠠᠶᠢᠳᠠᠯ ᠢ ᠠᠳᠬᠤᠵᠤ᠂ ᠬᠠᠭᠠᠵᠤ ᠵᠣᠭᠰᠣᠭᠠᠵᠤ ᠰᠢᠭᠰᠢᠭᠳᠡᠭᠦᠯᠬᠦ ᠶᠢ ᠰᠠᠶᠢᠲᠤᠷ ᠠᠳᠬᠤᠬᠤ ᠶᠢᠨ ᠬᠠᠮᠲᠤ᠂ ᠠᠵᠢᠯᠲᠠᠨ ᠢ ᠲᠥᠪᠬᠢᠨᠡᠭᠦᠯᠬᠦ᠂ ᠵᠥᠷᠢᠴᠡᠯ ᠢ ᠠᠷᠢᠯᠭᠠᠬᠤ ᠵᠡᠷᠭᠡ ᠡᠯ᠎ᠡ ᠲᠥᠷᠥᠯ ᠤᠨ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃      ︵ᠭᠤᠷᠪᠠ︶  ᠬᠢᠨᠠᠯᠲᠠ ᠪᠠᠨ ᠴᠢᠩᠭᠠᠤᠡᠬᠠᠵᠤ᠂ ᠬᠠᠤᠯᠢ ᠶᠣᠰᠣᠭᠠᠷ ᠵᠠᠭᠠᠵᠠᠯᠠᠨ᠎ᠠ      ᠠᠵᠤ ᠠᠬᠤᠶ᠂ ᠬᠠᠤᠯᠢ ᠴᠠᠭᠠᠵᠠ ᠶᠢᠨ ᠠᠷᠭ᠎ᠠ ᠪᠠᠷᠢᠯ ᠪᠣᠯᠤᠨ ᠴᠢᠬᠤᠯᠠ ᠪᠦᠬᠦᠢ ᠵᠠᠰᠠᠭ ᠵᠠᠬᠢᠷᠭᠠᠨ ᠤ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠵᠥᠷᠢᠶᠡᠲᠦ ᠴᠠᠬᠢᠯᠭᠠᠨ ᠤ ᠦᠨ᠎ᠡ᠂ ᠠᠮᠤᠷ ᠲᠦᠪᠰᠢᠨ᠂ ᠣᠷᠴᠢᠨ ᠠᠬᠤᠶ ᠶᠢᠨ ᠬᠠᠮᠠᠭᠠᠯᠠᠯᠲᠠ᠂ ᠭᠠᠶᠢᠯᠢ ᠲᠠᠲᠠᠪᠤᠷᠢ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠬᠤ ᠶᠢ ᠪᠠᠷᠢᠮᠲᠠᠯᠠᠵᠤ᠂ ᠬᠤᠴᠣᠷᠤᠩᠭᠤᠶ ᠬᠡᠦᠷᠰᠢᠭᠦᠯᠬᠦ ᠦᠢᠯᠡᠳᠪᠦᠷᠢᠯᠡᠯ ᠤᠨ ᠴᠢᠳᠠᠪᠤᠷᠢ ᠶᠢ ᠴᠠᠭ ᠤᠨ ᠳᠠᠷᠠᠭᠠᠯᠠᠯ ᠢᠶᠠᠷ ᠵᠠᠬ᠎ᠠ ᠳᠡᠯᠭᠡᠭᠦᠷ ᠠᠴᠠ ᠭᠠᠷᠭᠠᠬᠤ ᠬᠡᠷᠡᠭᠲᠡᠶ᠃      ᠬᠤᠶᠠᠷ᠂ ᠠᠵᠢᠯ ᠤᠨ ᠬᠠᠷᠠᠯᠲᠠ      ︽2022 - 2024 ᠣᠨ ᠳᠤ ᠦᠬᠠᠶ ᠬᠤᠲᠠ ᠶᠢᠨ ᠬᠡᠦᠷᠰᠢᠭᠦᠯᠬᠦ ᠠᠵᠤ ᠠᠬᠤᠶᠢᠯᠠᠯ ᠢ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠶᠢ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ︵ᠦᠬᠠᠢ ᠬᠡᠦᠷᠰᠢᠭᠦᠯᠬᠦ ᠳᠠᠬᠢᠨ ᠳᠤᠭᠤᠶᠢᠯᠠᠩ ᠠᠯᠪᠠᠨ ︹2022︺ 7 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠬᠠᠶ ᠶᠢᠨ ᠳ᠋ᠧ ᠱᠧᠩ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ ᠶᠢᠨ 4.3 ᠮᠧᠲᠷ ᠤᠨ ᠬᠡᠤᠷᠰᠢᠭᠦᠯᠬᠦ ᠵᠤᠤᠬ᠎ᠠ᠂ ᠥᠪᠥᠷ ᠮᠣᠩᠭᠤᠯ ᠤᠨ ᠬᠠᠲᠤᠨ ᠭᠤᠤᠯ ᠤᠨ ᠠᠵᠤ ᠦᠢᠯᠡᠳᠪᠦᠷᠢ ᠠᠷᠠᠯᠵᠢᠶᠠᠨ ᠤ ᠪᠦᠯᠦᠭᠯᠡᠯ ᠤᠨ ᠴᠡᠭᠡᠯ ᠠᠭᠤᠯᠠᠨ ᠤ ᠨᠡᠭᠦᠷᠡᠰᠦ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 4.3 ᠮᠧᠲᠷ ᠤᠨ ᠬᠡᠤᠷᠰᠢᠭᠦᠯᠬᠦ ᠵᠤᠤᠬ᠎ᠠ ᠶᠢ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠢᠯ ᠢ ᠪᠡᠶᠡᠯᠡᠭᠦᠯᠵᠦ᠂ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠬᠠᠶ ᠬᠤᠲᠠ ᠶᠢᠨ ᠭᠤᠸᠠᠩ ᠨᠠ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ ᠶᠢᠨ 5.5 ᠮᠧᠲᠷ ᠤᠨ ᠬᠡᠤᠷᠰᠢᠭᠦᠯᠬᠦ ᠵᠤᠤᠬ᠎ᠠ ᠶᠢ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠢᠯ ᠢ ᠪᠡᠶᠡᠯᠡᠭᠦᠯᠦᠨ᠎ᠡ᠃      ᠭᠤᠷᠪᠠ᠂ ᠠᠵᠢᠯ ᠤᠨ ᠠᠯᠬᠤᠮ ᠳᠠᠷᠠᠭ᠎ᠠ      ︵ᠨᠢᠭᠡ︶ ᠤᠬᠠᠭᠤᠯᠤᠨ ᠳᠠᠶᠢᠴᠢᠯᠠᠬᠤ ᠱᠠᠲᠤ    2023 ᠣᠨ ᠤ 4 ᠰᠠᠷ᠎ᠠ ᠶᠢᠨ 1᠎ ᠤ ᠡᠳᠦᠷ ᠠᠴᠠ 4 ᠰᠠᠷ᠎ᠠ ᠶᠢᠨ 15᠎ ᠤ ᠡᠳᠦᠷ ᠪᠣᠯᠲᠠᠯ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠦᠢᠯᠡᠳᠪᠦᠷᠢᠯᠡᠯ ᠢ ᠬᠢᠵᠠᠭᠠᠷᠯᠠᠬᠤ᠂ ᠦᠢᠯᠡᠳᠪᠦᠷᠢᠯᠡᠯ ᠢᠶᠠᠨ ᠵᠣᠭᠰᠣᠭᠠᠬᠤ ᠲᠥᠰᠦᠯ᠂ ᠠᠵᠢᠯᠲᠠᠨ ᠠᠵᠢᠯᠴᠢᠨ ᠢ ᠲᠥᠪᠬᠢᠨᠡᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠦᠬᠠᠶ ᠬᠤᠲᠠ ᠶᠢᠨ ᠬᠡᠦᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠦᠨ ᠴᠢᠨᠠᠷ ᠰᠠᠶᠢᠲᠠᠶ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ᠎ᠡ᠃ ᠤᠬᠠᠭᠤᠯᠬᠤ ᠬᠡᠯᠲᠡᠰ ᠠᠴᠠ ᠬᠡᠦᠷᠰᠢᠭᠦᠯᠬᠦ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠬᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ ᠨᠠᠶᠢᠳᠠᠪᠤᠷᠢᠵᠢᠭᠤᠯᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠵᠥᠪ ᠲᠠᠯ᠎ᠠ ᠠᠴᠠ ᠬᠥᠲᠥᠯᠥᠨ ᠵᠢᠯᠣᠭᠤᠳᠤᠨ᠎ᠠ᠃      ︵ᠬᠤᠶᠠᠷ︶ ᠥᠷᠳᠡᠭ ᠢ ᠦᠷᠭᠦᠯᠵᠢᠯᠡᠨ ᠪᠠᠭᠠᠰᠬᠠᠬᠤ ᠱᠠᠲᠤ      ᠨᠢᠭᠡ ᠳᠤ᠂ ᠳ᠋ᠧ ᠱᠧᠩ ᠬᠡᠦᠷᠰᠢᠭᠦᠯᠬᠦ ᠪᠠ ᠬᠠᠳᠤᠨ ᠭᠤᠣᠯ ᠤᠨ ᠴᠡᠭᠡᠯ ᠠᠭᠤᠯᠠᠨ ᠤ ᠬᠡᠤᠷᠰᠢᠭᠦᠯᠦᠭᠰᠡᠨ 4.3 ᠮᠧᠲᠷ ᠤᠨ ᠬᠡᠤᠷᠰᠢᠭᠦᠯᠬᠦ ᠵᠤᠤᠬ᠎ᠠ ᠶᠢᠨ ᠵᠤᠤᠬ᠎ᠠ ᠶᠢ ᠦᠷᠭᠦᠯᠵᠢᠯᠡᠨ ᠬᠡᠪᠰᠢᠭᠦᠯᠵᠦ ᠦᠢᠯᠡᠳᠪᠦᠷᠢᠯᠡᠬᠦ ᠱᠠᠲᠤ ᠨᠢ 2023 ᠣᠨ ᠤ 4 ᠰᠠᠷ᠎ᠠ ᠶᠢᠨ 15᠎ ᠤ ᠡᠳᠦᠷ - 5 ᠰᠠᠷ᠎ᠠ ᠶᠢᠨ 15᠎ ᠤ ᠡᠳᠦᠷ ᠪᠣᠯᠤᠨ᠎ᠠ᠃ ᠬᠤᠶᠠᠷ ᠲᠤ᠂ ᠭᠤᠸᠠᠩ ᠨᠠ ᠬᠡᠦᠷᠰᠢᠭᠦᠯᠦᠨ ᠦᠷᠭᠦᠯᠵᠢᠯᠡᠨ ᠦᠢᠯᠡᠳᠪᠦᠷᠢᠯᠡᠬᠦ ᠪᠠᠨ ᠪᠠᠭᠠᠰᠬᠠᠬᠤ ᠱᠠᠳᠤ ᠦᠶ᠎ᠡ ᠨᠢ 2023 ᠣᠨ ᠤ 10 ᠰᠠᠷ᠎ᠠ ᠶᠢᠨ 1᠎ ᠤ ᠡᠳᠦᠷ ᠠᠴᠠ 11 ᠰᠠᠷ᠎ᠠ ᠶᠢᠨ 15᠎ ᠤ ᠡᠳᠦᠷ ᠪᠣᠯᠤᠨ᠎ᠠ᠃ ᠠᠮᠤᠷ ᠲᠦᠪᠰᠢᠨ ᠤ ᠪᠠᠲᠤᠯᠠᠭ᠎ᠠ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠎ᠡ︶᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠳᠠᠭᠰᠢᠯᠠᠭᠤᠯᠤᠯᠲᠠ ︵ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠲᠦᠷᠦᠭᠦᠯᠡᠨ᠎ᠡ︶᠂ ᠠᠵᠢᠯᠲᠠᠨ ᠠᠵᠢᠯᠴᠢᠨ ᠢ ᠲᠥᠪᠬᠢᠨᠡᠭᠦᠯᠦᠨ᠎ᠡ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ᠎ᠡ︶᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ︵ᠡᠳ᠋ ᠤᠨ ᠵᠠᠰᠠᠭ ᠤᠨ ᠲᠣᠪᠴᠢᠶ᠎ᠠ ᠲᠦᠷᠦᠭᠦᠯᠡᠨ᠎ᠡ︶᠂ ᠨᠡᠶᠢᠭᠡᠮ ᠤᠨ ᠲᠣᠭᠲᠠᠭᠤᠨ ︵ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠲᠦᠷᠦᠭᠦᠯᠡᠨ︶ ᠵᠡᠷᠭᠡ ᠠᠵᠢᠯᠯᠠᠬᠤ ᠳᠤᠭᠤᠶᠢᠯᠠᠩ ᠢ ᠪᠠᠶᠢᠭᠤᠯᠵᠤ᠂ 5 ᠰᠠᠷ᠎ᠠ ᠶᠢᠨ 1᠎ ᠤ ᠡᠳᠦᠷ ᠠᠴᠠ ᠡᠮᠦᠨ᠎ᠡ ᠡᠯ᠎ᠡ ᠠᠵᠢᠯᠯᠠᠬᠤ ᠳᠤᠭᠤᠶᠢᠯᠠᠩ ᠳ᠋ᠧ ᠱᠧᠩ ᠬᠡᠦᠷᠰᠢᠭᠦᠯᠬᠦ ᠪᠠ ᠬᠠᠲᠤᠨ ᠭᠤᠣᠯ ᠤᠨ ᠴᠡᠭᠡᠯ ᠠᠭᠤᠯᠠᠨ ᠤ ᠬᠡᠤᠷᠰᠢᠭᠦᠯᠦᠯᠲᠡ ᠳᠤ ᠤᠷᠤᠵᠤ ᠰᠠᠭᠤᠪᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠬᠡᠤᠷᠰᠢᠭᠦᠯᠬᠦ ᠠᠵᠤ ᠠᠬᠤᠶᠢᠯᠠᠯ ᠤᠨ ᠬᠠᠭᠠᠵᠤ ᠵᠣᠭᠰᠣᠭᠠᠬᠤ ᠠᠵᠢᠯᠯᠠᠭᠠᠨ ᠤ ᠮᠡᠷᠭᠡᠵᠢᠯ ᠤᠨ ᠵᠦᠭᠯᠡᠭᠦᠷ︾᠎ ᠢ ᠨᠠᠶᠢᠷᠠᠭᠤᠯᠤᠨ ᠵᠣᠬᠢᠶᠠᠵᠤ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠲᠠᠢ ᠬᠠᠮᠲᠤ ᠪᠠᠷ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠤᠷ ᠲᠦᠪᠰᠢᠨ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠶᠢᠳᠠᠯ ᠳᠣᠤᠷ᠎ᠠ᠂ ᠦᠢᠯᠡᠳᠪᠦᠷᠢᠯᠡᠯ ᠤᠨ ᠳᠠᠭᠠᠭᠠᠴᠠ ᠶᠢ ᠡᠮᠬᠢ ᠵᠢᠷᠤᠮ ᠲᠠᠢ ᠪᠠᠷ ᠪᠠᠭᠤᠷᠠᠭᠤᠯᠤᠨ᠎ᠠ︔ ᠡᠨᠧᠷᠭᠢ ᠶᠢᠨ ᠲᠣᠪᠴᠢᠶ᠎ᠠ ᠴᠠᠬᠢᠯᠭᠠᠨ ᠬᠦᠴᠦᠨ ᠤ ᠰᠠᠯᠠᠭ᠎ᠠ ᠮᠥᠴᠢᠷ ᠯᠦᠭᠡ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠬᠤᠯᠪᠣᠭᠳᠠᠬᠤ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠭᠠᠷᠳᠠᠮ ᠢ ᠰᠠᠯᠭᠠᠬᠤ ᠠᠵᠢᠯ ᠢ ᠰᠠᠶᠢᠲᠤᠷ ᠬᠢᠨ᠎ᠡ᠃ ᠴᠠᠬᠢᠯᠭᠠᠨ ᠬᠦᠴᠦᠨ ᠤ ᠰᠠᠯᠪᠤᠷᠢ ᠲᠠᠢ ᠬᠠᠷᠢᠯᠴᠠᠵᠤ ᠴᠠᠬᠢᠯᠭᠠᠨ ᠬᠦᠴᠦᠨ ᠤ ᠰᠢᠰᠲ᠋ᠧᠮ ᠢ ᠰᠢᠯᠢᠳᠡᠭᠵᠢᠭᠦᠯᠬᠦ ᠲᠥᠯᠥᠪᠯᠡᠭᠡ ᠶᠢ ᠰᠠᠶᠢᠲᠤᠷ ᠬᠢᠬᠦ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠠᠵᠤ ᠠᠬᠤᠶᠢᠯᠠᠯ ᠤᠨ ᠳᠡᠭᠡᠳᠦ ᠤᠷᠤᠰᠬᠠᠯ ᠤᠨ ᠠᠵᠤ ᠠᠬᠤᠶᠢᠯᠠᠯ ᠤᠨ ᠳᠤᠯᠠᠭᠠᠯᠠᠭ᠎ᠠ ᠬᠠᠩᠭᠠᠬᠤ ᠵᠢᠴᠢ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠡᠢ ᠬᠡᠷᠡᠭᠯᠡᠬᠦ ᠶᠢ ᠵᠣᠭᠰᠣᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠤᠯᠢ ᠴᠠᠭᠠᠵᠠ ᠶᠢᠨ ᠲᠣᠪᠴᠢᠶ᠎ᠠ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠢᠯ ᠤᠨ ᠬᠠᠤᠯᠢᠴᠢ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠢ ᠵᠢᠯᠣᠭᠤᠳᠤᠨ ᠡᠯ᠎ᠡ ᠲᠥᠷᠥᠯ ᠤᠨ ᠬᠡᠯᠡᠯᠴᠡᠭᠡᠷ ᠤᠨ ᠭᠡᠷ᠎ᠡ ᠶᠢ ᠵᠥᠷᠢᠴᠡᠭᠰᠡᠨ ᠶᠠᠪᠤᠳᠠᠯ ᠢ ᠰᠢᠢᠤᠡᠪᠤᠷᠢᠯᠡᠭᠦᠯᠵᠤ᠂ ᠬᠡᠦᠷᠰᠢᠭᠦᠯᠬᠦ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠢᠯ ᠳᠤ ᠬᠠᠤᠯᠢ ᠴᠠᠭᠠᠵᠠ ᠶᠢᠨ ᠵᠢᠯᠣᠭᠤᠳᠣᠯᠭ᠎ᠠ ᠬᠢᠨ᠎ᠠ᠃      ︵ᠭᠤᠷᠪᠠ︶ ᠦᠢᠯᠡᠳᠪᠦᠷᠢᠯᠡᠯ ᠢ ᠵᠣᠭᠰᠣᠭᠠᠬᠤ ᠱᠠᠲᠤ ᠦᠶ᠎ᠡ       ᠨᠢᠭᠡ ᠳᠤ᠂ ᠳ᠋ᠧ ᠱᠧᠩ ᠬᠡᠦᠷᠰᠢᠭᠦᠯᠬᠦ ᠪᠠ ᠬᠠᠳᠤᠨ ᠭᠤᠣᠯ ᠤᠨ ᠴᠡᠭᠡᠯ ᠠᠭᠤᠯᠠᠨ ᠤ ᠬᠡᠤᠷᠰᠢᠭᠦᠯᠦᠭᠰᠡᠨ 4.3 ᠮᠧᠲᠷ ᠤᠨ ᠬᠡᠤᠷᠰᠢᠭᠦᠯᠬᠦ ᠵᠤᠤᠬ᠎ᠠ ᠶᠢ ᠤᠶᠢᠯᠡᠤᠡᠪᠤᠷᠢᠯᠡᠬᠦ ᠶᠢ ᠵᠣᠭᠰᠣᠭᠠᠬᠤ ᠱᠠᠲᠤ ᠦᠶ᠎ᠡ ᠶᠢ ᠨᠢ 2023 ᠣᠨ ᠤ 5 ᠰᠠᠷ᠎ᠠ ᠶᠢᠨ 15᠎ ᠤ ᠡᠳᠦᠷ ᠠᠴᠠ 6 ᠰᠠᠷ᠎ᠠ ᠶᠢᠨ 15᠎ ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠬᠤᠶᠠᠷ ᠲᠤ᠂ ᠭᠤᠸᠠᠩ ᠨᠠ ᠬᠡᠦᠷᠰᠢᠭᠦᠯᠬᠦ ᠶᠢ ᠬᠡᠷᠡᠭᠵᠢᠭᠦᠯᠵᠦ ᠦᠢᠯᠡᠳᠪᠦᠷᠢᠯᠡᠯ ᠢᠶᠠᠨ ᠵᠣᠭᠰᠣᠭᠠᠬᠤ ᠱᠠᠲᠤ ᠦᠶ᠎ᠡ ᠨᠢ 2023 ᠣᠨ ᠤ 11 ᠰᠠᠷ᠎ᠠ ᠶᠢᠨ 15᠎ ᠤ ᠡᠳᠦᠷ - 12 ᠰᠠᠷ᠎ᠠ ᠶᠢᠨ 15᠎ ᠤ ᠡᠳᠦᠷ ᠪᠣᠯᠤᠨ᠎ᠠ᠃ ᠬᠠᠭᠠᠵᠤ ᠵᠣᠭᠰᠣᠭᠠᠵᠤ ᠰᠢᠭᠰᠢᠭᠳᠡᠭᠦᠯᠬᠦ ᠪᠠᠷ ᠪᠠᠶᠢᠭ᠎ᠠ ᠬᠡᠤᠷᠰᠢᠭᠦᠯᠬᠦ ᠠᠵᠤ ᠠᠬᠤᠶᠢᠯᠠᠯ ᠳᠤ ᠬᠠᠭᠠᠵᠤ ᠵᠣᠭᠰᠣᠭᠠᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠣᠷᠣᠨ ᠤ ᠡᠨᠧᠷᠭᠢ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠠᠴᠠ ᠵᠣᠬᠢᠴᠠᠭᠤᠯᠤᠨ ᠦᠶ᠋ᠯᠡᠳᠪᠦᠷᠢᠯᠡᠯ ᠢ ᠵᠣᠭᠰᠣᠭᠠᠵᠤ ᠴᠠᠬᠢᠯᠭᠠᠨ ᠵᠣᠭᠰᠣᠭᠠᠬᠤ ᠠᠵᠢᠯ ᠢ ᠰᠠᠶᠢᠲᠤᠷ ᠬᠢᠨ᠎ᠠ᠃ ᠦᠬᠠᠶ ᠬᠤᠲᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠦᠢᠯᠡᠳᠪᠦᠷᠢᠯᠡᠯ ᠢᠶᠠᠨ ᠵᠣᠭᠰᠣᠭᠠᠵᠤ ᠤᠰᠤ ᠲᠠᠰᠤᠯᠬᠤ ᠠᠵᠢᠯ ᠢ ᠰᠠᠶᠢᠲᠤᠷ ᠬᠢᠨ᠎ᠡ᠃ ᠥᠪᠥᠷ ᠮᠣᠩᠭᠤᠯ ᠤᠨ ᠮᠧᠩ ᠱᠦᠢ ᠦᠬᠠᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠦᠢᠯᠡᠳᠪᠦᠷᠢᠯᠡᠯ ᠤᠨ ᠪᠣᠬᠢᠷ ᠤᠰᠤ ᠶᠢ ᠬᠦᠯᠢᠶᠡᠨ ᠠᠪᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠨᠥᠬᠦᠴᠡᠯ ᠢ ᠪᠦᠷᠢᠯᠳᠦᠭᠦᠯᠦᠭᠡᠳᠦᠶ ᠪᠠᠶᠢᠬᠤ ᠶᠢ ᠦᠨᠡᠨᠬᠦ ᠪᠠᠲᠤᠯᠠᠵᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠠᠶᠢᠷᠤᠪ ᠤᠨ ᠲᠣᠬᠤᠢ ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠤᠳᠠᠭ᠎ᠠ ᠪᠠᠨ ᠨᠡᠮᠡᠭᠳᠡᠭᠦᠯᠵᠦ᠂ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠤᠨ ᠳᠣᠤᠷ᠎ᠠ ᠦᠢᠯᠡᠳᠪᠦᠷᠢᠯᠡᠯ ᠢᠶᠠᠨ ᠵᠣᠭᠰᠣᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠲᠦᠷᠪᠡ︶ ᠮᠠᠲ᠋ᠧᠷᠢᠶᠠᠯ ᠢ ᠳᠡᠭᠡᠭᠰᠢ ᠮᠡᠳᠡᠭᠦᠯᠬᠦ ᠱᠠᠳᠤ      ᠨᠢᠭᠡ ᠳᠤ᠂ ᠳ᠋ᠧ ᠱᠧᠩ ᠬᠡᠦᠷᠰᠢᠭᠦᠯᠬᠦ ᠪᠠ ᠬᠠᠲᠤᠨ ᠭᠤᠤᠯ ᠤᠨ ᠴᠡᠭᠡᠯ ᠠᠭᠤᠯᠠᠨ ᠤ ᠬᠡᠦᠷᠰᠢᠭᠦᠯᠬᠦ 4.3 ᠮᠧᠲᠷ ᠤᠨ ᠬᠡᠦᠷᠰᠢᠭᠦᠯᠬᠦ ᠵᠤᠤᠬ᠎ᠠ ᠶᠢᠨ ᠮᠠᠲ᠋ᠧᠷᠢᠶᠠᠯ ᠢ ᠳᠡᠭᠡᠭᠰᠢ ᠮᠡᠳᠡᠭᠦᠯᠬᠦ ᠱᠠᠲᠤ ᠨᠢ 2023 ᠣᠨ ᠤ 6 ᠰᠠᠷ᠎ᠠ ᠶᠢᠨ 15᠎ ᠤ ᠡᠳᠦᠷ - 6 ᠰᠠᠷ᠎ᠠ ᠶᠢᠨ 30᠎ ᠤ ᠡᠳᠦᠷ ᠪᠣᠯᠤᠨ᠎ᠠ᠃ ᠬᠤᠶᠠᠷ ᠲᠤ᠂ ᠭᠤᠸᠠᠩ ᠨᠠ ᠬᠡᠦᠷᠰᠢᠭᠦᠯᠬᠦ ᠮᠠᠲ᠋ᠧᠷᠢᠶᠠᠯ ᠢ ᠳᠡᠭᠡᠭᠰᠢ ᠮᠡᠳᠡᠭᠦᠯᠬᠦ ᠱᠠᠲᠤ ᠨᠢ 2023 ᠣᠨ ᠤ 12 ᠰᠠᠷ᠎ᠠ ᠶᠢᠨ 15᠎ ᠤ ᠡᠳᠦᠷ ᠠᠴᠠ 12 ᠰᠠᠷ᠎ᠠ ᠶᠢᠨ 31᠎ ᠤ ᠡᠳᠦᠷ ᠪᠣᠯᠲᠠᠯ᠎ᠠ ᠶᠠᠪᠤᠭᠳᠠᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ᠂ ᠵᠢᠷᠤᠭ ᠳᠦᠷᠰᠦ ᠴᠤᠭᠯᠠᠭᠤᠯᠬᠤ ᠠᠵᠢᠯ ᠢ ᠰᠠᠶᠢᠲᠤᠷ ᠬᠢᠵᠦ᠂ ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ ᠬᠡᠷᠡᠭᠲᠡᠶ᠃       ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠡᠷᠦᠬᠡ ᠪᠦᠷᠢ ᠰᠢᠭᠰᠢᠭᠳᠡᠭᠦᠯᠵᠦ ᠬᠠᠭᠠᠵᠤ ᠵᠣᠭᠰᠣᠭᠠᠬᠤ ᠠᠵᠤ ᠠᠬᠤᠶᠢᠯᠠᠯ ᠢ ᠲᠣᠭᠤᠷᠢᠭ ᠤᠨ ᠱᠠᠲᠤᠨ ᠤ 2 ᠤᠳᠤᠷᠢᠳᠬᠤ ᠺᠠᠳ᠋ᠷ ᠳᠠᠭᠠᠭᠠᠴᠢᠯᠠᠨ ᠬᠤᠯᠪᠣᠭᠠᠯᠠᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠤ ᠠᠬᠤᠶᠢᠯᠠᠯ ᠤᠨ ᠮᠠᠨ ᠤ ᠲᠤᠭᠤᠷᠢᠭ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠨᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠤ ᠠᠬᠤᠶᠢᠯᠠᠯ ᠤᠨ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃      ︵ᠬᠤᠶᠠᠷ︶ ᠪᠥᠬᠦ ᠲᠠᠯ᠎ᠠ ᠪᠠᠷ ᠨᠠᠷᠢᠨ ᠨᠢᠮᠪᠠᠶ ᠲᠥᠯᠥᠪᠯᠡᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠤᠨ ᠪᠠᠶᠢᠷᠢᠯᠠᠭᠤᠯᠪᠠ᠃ ᠬᠠᠭᠠᠵᠤ ᠵᠣᠭᠰᠣᠭᠠᠵᠤ ᠰᠢᠭᠰᠢᠭᠳᠡᠭᠦᠯᠬᠦ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠨᠠᠷᠢᠨ ᠣᠶᠢᠯᠠᠭᠠᠵᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠠᠷᠭ᠎ᠠ ᠬᠡᠯᠪᠡᠷᠢ ᠪᠠᠨ ᠡᠵᠡᠮᠰᠢᠵᠦ᠂ ᠬᠠᠭᠠᠵᠤ ᠪᠢᠲᠡᠭᠦᠮᠵᠢᠯᠡᠬᠦ᠂ ᠦᠢᠯᠡᠳᠪᠦᠷᠢᠯᠡᠯ ᠢᠶᠠᠨ ᠵᠣᠭᠰᠣᠭᠠᠬᠤ ᠴᠢᠬᠤᠯᠠᠲᠠᠶ ᠠᠵᠤ ᠠᠬᠤᠶᠢᠯᠠᠯ ᠳᠤ ᠬᠠᠨᠳᠤᠯᠭᠠᠲᠤ ᠴᠢᠨᠠᠷᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠣᠯᠠᠨ ᠲᠦᠮᠡᠨ ᠤ ᠲᠣᠭᠲᠠᠭᠤᠨ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠰᠠᠨᠠᠭᠠᠨ ᠳᠤ ᠦᠭᠡᠶ ᠬᠡᠷᠡᠭ ᠭᠠᠷᠬᠤ ᠶᠢ ᠰᠡᠷᠭᠡᠶᠢᠯᠡᠨ᠂ ᠠᠵᠤ ᠠᠬᠤᠶ ᠨᠡᠶᠢᠭᠡᠮ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号