ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠴᠢᠶᠡᠯ ᠤᠨ ᠰᠢᠷᠡᠭᠡᠨ ᠤ ᠪᠥᠵᠢᠭ ᠤᠨ ᠦᠵᠡᠭᠦᠯᠦᠯᠭᠡ ︵ᠬᠤᠶᠠᠷ︶
ᠨᠡᠶᠢᠲᠡᠯᠡᠭᠰᠡᠨ ᠴᠠᠭ᠄
2023/4/3
      ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠬᠤᠶᠠᠷ ᠢ ᠬᠦᠩᠬᠡᠷᠡᠭᠦᠯᠬᠦ︾ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠨᠤᠭᠤᠳ ᠤᠨ ᠬᠢᠴᠢᠶᠡᠯ ᠤᠨ ᠰᠢᠷᠡᠭᠡ ᠪᠥᠵᠢᠭ ᠤᠨ ᠠᠵᠢᠯᠯᠠᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠦᠭᠰᠡᠨ ᠠᠴᠠ ᠨᠠᠰᠢ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠨᠢ ᠪᠠᠶᠠᠯᠢᠭᠵᠢᠭᠤᠯᠵᠤ᠂ ᠰᠤᠷᠭᠠᠭᠤᠯᠢ ᠶᠢᠨ ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾ ᠠᠵᠢᠯ ᠤᠨ ᠬᠠᠷᠠᠯᠲᠠ ᠶᠢ ᠭᠦᠨᠵᠡᠭᠡᠢ ᠥᠷᠨᠢᠭᠦᠯᠬᠦ ᠶᠢ ᠨᠢ ᠠᠬᠢᠭᠤᠯᠤᠭᠰᠠᠨ ᠢᠶᠠᠷ ᠪᠠᠷᠠᠬᠤ ᠦᠭᠡᠢ᠂ ᠰᠤᠷᠭᠠᠭᠤᠯᠢ᠂ ᠰᠤᠷᠤᠬᠴᠢ ᠵᠢᠴᠢ ᠭᠡᠷ ᠤᠨ ᠠᠬᠠᠮᠠᠳ ᠤᠨ ᠬᠦᠷᠢᠶᠡᠯᠡᠯ ᠢ ᠨᠢ ᠣᠯᠣᠭᠰᠠᠨ ᠪᠠᠶᠢᠨ᠎ᠠ᠃      ᠰᠤᠷᠭᠠᠭᠤᠯᠢ ᠶᠢᠨ ᠬᠢᠴᠢᠶᠡᠯ ᠤᠨ ᠰᠢᠷᠡᠭᠡᠨ ᠤ ᠪᠥᠵᠢᠭ ᠨᠢ ᠨᠡᠶᠢᠭᠡᠮ ᠤᠨ ᠡᠯ᠎ᠡ ᠵᠠᠭᠤᠴᠢᠯᠠᠭᠤᠷ ᠤᠨ ᠬᠢᠨ ᠤ ᠠᠩᠬᠠᠷᠤᠯ ᠢ ᠨᠢ ᠲᠠᠲᠠᠵᠤ᠂ ᠦᠬᠠᠢ ᠬᠤᠲᠠ ᠶᠢᠨ ᠷᠠᠳᠢᠣ᠋ ᠲᠧᠯᠸᠢᠰ ᠬᠤᠷᠢᠶ᠎ᠠ᠂ ᠦᠬᠠᠢ ᠬᠤᠲᠠ ᠶᠢᠨ ᠬᠠᠮ ᠵᠠᠭᠤᠴᠢᠯᠠᠭᠤᠷ ᠤᠨ ᠲᠥᠪ ᠰᠤᠷᠭᠠᠭᠤᠯᠢ ᠳᠤ  ᠤᠷᠤᠵᠤ ᠲᠤᠰᠬᠠᠢ ᠰᠡᠳᠦᠪᠲᠦ ᠮᠡᠳᠡᠭᠡᠯᠡᠯ ᠬᠢᠵᠦ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢᠨ ︽ᠨᠡᠷᠡᠨ ᠬᠡᠷᠡᠯᠳᠦ ᠡᠭᠡᠴᠢ ᠰᠤᠷᠭᠠᠭᠤᠯᠢ ᠶᠢᠨ ᠬᠦᠷᠢᠶᠡᠨ ᠳᠤ ᠣᠷᠣᠭᠰᠠᠨ ᠨᠢ︾ ᠭᠡᠬᠦ ᠪᠤᠯᠤᠩ ᠳᠤ ᠬᠢᠴᠢᠶᠡᠯ ᠤᠨ ᠰᠢᠷᠡᠭᠡᠨ ᠤ ᠪᠥᠵᠢᠭ ᠢ ᠰᠢᠭᠤᠳ ᠨᠡᠪᠲᠡᠷᠡᠭᠦᠯᠪᠡ᠃ ᠪᠢᠴᠢᠬᠠᠨ ᠬᠢᠴᠢᠶᠡᠯ ᠤᠨ ᠰᠢᠷᠡᠭᠡᠨ ᠤ ᠪᠥᠵᠢᠭ ᠨᠢ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ ᠪᠠᠶᠢᠬᠤ ᠶᠢ ᠬᠠᠷᠠᠭᠤᠯᠵᠤ᠂ ᠡᠯ᠎ᠡ ᠰᠤᠷᠭᠠᠭᠤᠯᠢ ᠨᠤᠭᠤᠳ ᠲᠣᠰ ᠰᠤᠷᠭᠠᠭᠤᠯᠢ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠠᠭᠤᠤ ᠬᠥᠭᠵᠢᠮ ᠤᠨ ᠬᠢᠴᠢᠶᠡᠯ᠂ ᠨᠡᠶᠢᠭᠡᠮ ᠤᠨ ᠪᠦᠯᠬᠦᠮ ᠤᠨ ᠬᠢᠴᠢᠶᠡᠯ᠂ ᠤᠷᠠᠯᠢᠭ ᠤᠨ ᠨᠠᠶᠢᠷ ᠵᠡᠷᠭᠡ ᠣᠯᠠᠨ ᠵᠦᠢᠯ ᠤᠨ ᠬᠡᠯᠪᠡᠷᠢ ᠪᠠᠷ ᠬᠢᠴᠢᠶᠡᠯ ᠤᠨ ᠰᠢᠷᠡᠭᠡᠨ ᠤ ᠪᠥᠵᠢᠭ ᠢ ᠪᠥᠬᠦ ᠲᠠᠯ᠎ᠠ ᠪᠠᠷ ᠳᠡᠯᠭᠡᠷᠡᠭᠦᠯᠵᠦ᠂ ᠬᠢᠴᠢᠶᠡᠯ ᠤᠨ ᠡᠮᠦᠨᠡᠬᠢ ᠠᠶᠢᠵᠠᠮ ᠴᠣᠬᠢᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠣᠶ ᠪᠣᠯᠭᠠᠬᠤ ᠪᠣᠯᠣᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号