| | ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ 2022 ᠣᠨ ᠤ ᠠᠵᠢᠯ ᠦᠢᠯᠡᠰ ᠤᠨ ᠨᠢᠭᠡᠴᠡ | ᠢᠯᠡ ᠪᠠᠷ ᠤᠷᠢᠵᠤ ᠬᠡᠷᠡᠭᠯᠡᠬᠦ ᠪᠠᠷ ᠪᠠᠶᠢᠭ᠎ᠠ ᠬᠥᠮᠦᠰ ᠤᠨ ᠢᠯᠡ ᠨᠡᠶᠢᠲᠡᠯᠡᠯ | ︽ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ 2022 ᠣᠨ ᠤ ᠠᠵᠢᠯ ᠦᠢᠯᠡᠰ ᠤᠨ | ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠲᠣᠪᠴᠢ ᠳᠦᠷᠢᠮ︾ ᠤᠨ ᠲᠣᠭᠲᠠᠭᠠᠯ ᠶᠣᠰᠣᠭᠠᠷ᠂ ᠡᠳᠦᠭᠡ ᠪᠡᠶ᠎ᠡ ᠶᠢᠨ | ᠪᠠᠶᠢᠴᠠᠭᠠᠯᠲᠠ᠂ ᠰᠢᠨᠵᠢᠯᠡᠨ ᠪᠠᠶᠢᠴᠠᠭᠠᠬᠤ ᠲᠠᠰ ᠳᠠᠷᠠᠭᠠᠯᠠᠯ ᠢᠶᠠᠷ ᠳᠡᠮᠵᠢᠨ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠢ | ᠵᠠᠷᠯᠠᠨ ᠨᠡᠶᠢᠲᠡᠯᠡᠶ᠎ᠡ ︵ᠳᠠᠭᠠᠯᠳᠤᠭᠤᠯᠤᠯ ᠳᠤ ᠦᠵᠡ︶᠂ ᠵᠠᠷᠯᠠᠨ ᠨᠡᠶᠢᠲᠡᠯᠡᠬᠦ ᠴᠠᠭ ᠨᠢ 2023 ᠣᠨ ᠤ 2 | ᠰᠠᠷ᠎ᠠ ᠶᠢᠨ 28 ᠤ ᠡᠳᠦᠷ ᠠᠴᠠ 2023 ᠣᠨ ᠤ 3 ᠰᠠᠷ᠎ᠠ ᠶᠢᠨ 6 ᠤ ᠡᠳᠦᠷ ᠪᠣᠯᠣᠨ᠎ᠠ᠃ | ᠨᠢᠭᠡᠴᠡ ᠪᠣᠯᠣᠨ ᠬᠤᠪᠢ ᠬᠥᠮᠥᠨ ᠵᠠᠬᠢᠳᠠᠯ ᠢᠷᠡᠭᠦᠯᠬᠦ᠂ ᠤᠲᠠᠰᠤ ᠶᠠᠪᠤᠭᠤᠯᠬᠤ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠵᠠᠷᠯᠠᠨ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ | ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠳᠤ ᠪᠠᠶᠢᠴᠠᠭᠠᠯᠲᠠ ᠬᠢᠵᠦ ᠪᠣᠯᠬᠤ ᠭᠡᠷᠡᠴᠢᠯᠡᠭᠴᠢ ᠵᠢᠴᠢ ᠪᠤᠰᠤᠳ | ᠬᠤᠯᠪᠣᠭᠳᠠᠯ ᠪᠦᠬᠦᠢ ᠰᠦᠪᠡᠭᠴᠢ ᠶᠢ ᠬᠠᠩᠭᠠᠭᠠᠷᠠᠢ᠂ ᠪᠢᠳᠡ ᠠᠰᠠᠭᠤᠳᠠᠯ ᠢ ᠲᠤᠰᠬᠠᠭᠴᠢ ᠪᠠ ᠲᠤᠰᠬᠠᠭᠰᠠᠨ | ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃ | ᠭᠥᠯᠢᠶᠡᠨ ᠠᠪᠤᠭᠰᠠᠨ ᠴᠠᠭ᠄ | ᠦᠳᠡ ᠶᠢᠨ ᠡᠮᠦᠨ᠎ᠡ 9᠄ 00 — 12᠄ 00 | ᠦᠳᠡ ᠶᠢᠨ ᠬᠤᠶᠢᠨ᠎ᠠ 3᠄ 00 — 6᠄ 00 | ᠭᠥᠯᠢᠶᠡᠨ ᠠᠪᠬᠤ ᠤᠲᠠᠰᠤ᠄ 0473-2059589 | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠦᠬᠠᠶ ᠬᠤᠲᠠ ᠶᠢᠨ ᠠᠬᠠᠮᠠᠳ ᠺᠠᠳ᠋ᠷ ᠤᠨ ᠠᠵᠢᠯᠯᠠᠭ᠎ᠠ ᠶᠢᠨ ᠲᠥᠪ ︵ᠦᠬᠠᠶ ᠬᠤᠲᠠ ᠶᠢᠨ ᠠᠵᠤ ᠠᠬᠤᠶᠢᠯᠠᠯ ᠤᠨ | ᠠᠵᠢᠯ ᠠᠴᠠ ᠪᠠᠨ ᠠᠮᠠᠷᠠᠭᠰᠠᠳ ᠤᠨ ᠠᠵᠢᠯᠯᠠᠭᠠᠨ ᠤ ᠲᠥᠪ︶ ᠤᠨ ᠲᠥᠷᠥᠯ ᠵᠦᠢᠯ ᠳᠤ ᠬᠤᠪᠢᠶᠠᠷᠢᠯᠠᠨ ᠥᠭᠭᠦᠭᠰᠡᠨ | ᠭᠠᠵᠠᠷ ᠬᠡᠷᠡᠭᠯᠡᠬᠦ ᠭᠠᠷᠳᠠᠮ ᠢ ᠭᠦᠢᠴᠡᠳᠭᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ | ᠬᠠᠶᠢᠷᠤᠪ ᠤᠨ ᠲᠣᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠄ | ᠲᠠᠨ ᠤ ᠲᠣᠪᠴᠢᠶ᠎ᠠ ᠶᠢᠨ ᠮᠡᠳᠡᠭᠦᠯᠦᠨ ᠬᠦᠷᠭᠡᠭᠰᠡᠨ ︽ᠦᠬᠠᠶ ᠬᠤᠲᠠ ᠶᠢᠨ ᠠᠬᠠᠮᠠᠳ ᠺᠠᠳ᠋ᠷ ᠤᠨ | ᠠᠵᠢᠯᠯᠠᠭᠠᠨ ᠤ ᠲᠥᠪ ︵ᠦᠬᠠᠶ ᠬᠤᠲᠠ ᠶᠢᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ | ᠪᠠᠭᠤᠭᠰᠠᠳ ᠤᠨ ᠠᠵᠢᠯᠯᠠᠭᠠᠨ ᠤ ᠲᠥᠪ︶ ᠤᠨ ᠲᠥᠷᠥᠯ ᠵᠦᠢᠯ ᠳᠤ ᠬᠤᠪᠢᠶᠠᠷᠢᠯᠠᠨ ᠥᠭᠭᠦᠭᠰᠡᠨ ᠭᠠᠵᠠᠷ ᠬᠡᠷᠡᠭᠯᠡᠬᠦ | ᠭᠠᠷᠳᠠᠮ ᠢ ᠭᠦᠢᠴᠡᠳᠭᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ᠶᠢ ᠨᠢᠭᠡᠨᠲᠡ ᠣᠯᠵᠤ ᠮᠡᠳᠡᠭᠰᠡᠨ ᠪᠥᠭᠡᠳ | ᠲᠤᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠭᠤᠯᠵᠤ᠂ ᠵᠠᠰᠠᠭ ᠵᠠᠬᠢᠷᠭᠠᠨ ᠤ ᠬᠤᠪᠢᠶᠠᠷᠢᠯᠠᠨ ᠦᠭᠬᠦ ᠠᠷᠭ᠎ᠠ | ᠮᠠᠶ᠋ᠢᠭ ᠢᠶᠠᠷ ᠭᠠᠵᠠᠷ ᠬᠡᠷᠡᠭᠯᠡᠬᠦ ᠭᠠᠷ ᠬᠦᠢᠴᠡᠳᠭᠡᠯ ᠬᠢᠬᠦ ᠶᠢ ᠵᠦᠪᠰᠢᠶᠡᠷᠡᠨ᠎ᠡ᠃ | 2023 ᠣᠨ ᠤ 4 ᠰᠠᠷ᠎ᠠ ᠶᠢᠨ 26 ᠤ ᠡᠳᠦᠷ | | ᠬᠠᠶᠢᠷᠤᠪ ᠤᠨ ᠲᠣᠬᠤᠢ ᠲᠣᠭᠤᠷᠢᠭ ᠤᠨ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠲᠣᠭᠤᠷᠢᠭ ᠢᠶᠠᠨ | ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠤ ᠲᠣᠬᠢᠷᠠᠭᠤᠯᠤᠯᠲᠠ ᠬᠢᠬᠦ ᠲᠤᠬᠠᠶ | ᠮᠡᠳᠡᠭᠳᠡᠯ | ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠄ | ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ | ᠤᠳᠤᠷᠢᠳᠤᠯᠭ᠎ᠠ ᠶᠢᠨ ᠬᠤᠪᠢᠷᠠᠯᠲᠠ ᠪᠣᠯᠤᠨ ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠵᠤ᠂ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠠᠮᠵᠢᠨ᠂ ᠬᠠᠶᠢᠷᠤᠪ ᠤᠨ ᠲᠣᠬᠤᠢ ᠲᠣᠭᠤᠷᠢᠭ ᠤᠨ | ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠬᠠᠮᠲᠤᠷᠠᠭᠰᠠᠨ ᠬᠤᠷᠠᠯ ᠤᠨ ᠪᠠᠶᠢᠭᠤᠯᠤᠮᠵᠢ ᠪᠣᠯᠤᠨ | ᠬᠠᠶᠢᠷᠤᠪ ᠤᠨ ᠲᠣᠬᠤᠢ ᠲᠣᠭᠤᠷᠢᠭ ᠤᠨ ᠶᠠᠰᠤ ᠴᠢᠨᠠᠷ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠠᠵᠢᠯ ᠤᠨ | ᠤᠳᠤᠷᠢᠳᠬᠤ ᠲᠤᠭᠤᠶᠢᠯᠠᠩ ᠤᠨ ᠠᠯᠪᠠᠨ ᠭᠡᠷ ᠢ ᠨᠡᠶᠢᠯᠡᠭᠦᠯᠦᠨ᠎ᠡ᠃ | ᠬᠠᠶᠢᠷᠤᠪ ᠤᠨ ᠲᠤᠬᠤᠢ ᠲᠣᠭᠤᠷᠢᠭ ᠤᠨ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠲᠣᠭᠤᠷᠢᠭ ᠢᠶᠠᠨ | ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠭᠠᠨ ᠲᠣᠬᠢᠷᠠᠭᠤᠯᠪᠠ᠃ | ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄ | ᠨᠢᠭᠡ᠂ ᠬᠠᠶᠢᠷᠤᠪ ᠤᠨ ᠲᠣᠬᠤᠢ ᠲᠣᠭᠤᠷᠢᠭ ᠤᠨ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ | ᠲᠣᠭᠤᠷᠢᠭ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠶᠠᠩ ᠳ᠋ᠥᠸᠧ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠠᠩ ᠱᠢ ᠶᠦᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠡᠷᠬᠢᠯᠡᠭᠴᠢ | ᠯᠢᠶᠠᠩ ᠢᠦᠶ ᠫᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠪᠦᠷᠢᠯᠳᠦᠬᠦᠨ᠄ ᠰᠢᠩ ᠵᠢᠶ ᠷᠦᠩ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠳᠡᠳ᠋ ᠳᠠᠷᠤᠭ᠎ᠠ | ᠰᠦᠨ ᠺᠠᠶ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ | ᠳᠠᠷᠤᠭ᠎ᠠ | ᠱᠠᠩ ᠬᠠᠢ ᠶᠤᠸᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | | ᠾᠧ ᠮᠢᠶᠣᠣ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ | ᠸᠠᠩ ᠯᠢᠨ ᠺᠦᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠯᠢᠦ ᠸᠧᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ | ᠰᠢᠶᠧ ᠪᠦᠦ ᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠹᠦ᠋ ᠵᠣᠣ ᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠹᠦ᠋ ᠷᠦᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠠᠷᠤᠭ᠎ᠠ | ᠯᠦ ᠰᠥᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠳᠡᠳ᠋ ᠳᠠᠷᠤᠭ᠎ᠠ | ᠮᠠ ᠽᠢ ᠯᠢᠶᠠᠩ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ | ᠡᠤ ᠴᠠᠩ ᠵᠢᠶᠠᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶᠠᠨ ᠤ ᠳᠡᠳ᠋ ᠳᠠᠷᠤᠭ᠎ᠠ | ᠽᠧᠦ ᠨᠧᠩ ᠪᠢᠨ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ | ᠳᠡᠳ᠋ ᠳᠠᠷᠤᠭ᠎ᠠ | ᠭᠦᠸᠧ ᠰᠢᠶᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ | ᠳᠠᠷᠤᠭ᠎ᠠ | ᠵᠠᠩ ᠰᠢᠶᠤᠤ ᠹᠧᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠯᠢᠦᠶ ᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ | ᠸᠠᠩ ᠰᠢᠶᠦ᠋ᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠵᠠᠩ ᠶᠤᠸᠠᠨ ᠶᠤᠸᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠳᠡᠳ᠋ ᠳᠠᠷᠤᠭ᠎ᠠ | ᠭᠦᠸᠧ ᠱᠦᠨ ᠯᠢ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ | ᠵᠠᠩ ᠰᠢᠶᠤᠤ ᠫᠧᠩ ᠲᠣᠭᠤᠷᠢᠭ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ | ᠯᠢ ᠲᠢᠩ ᠲᠣᠭᠤᠷᠢᠭ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ | ᠳᠡᠳ᠋ ᠡᠷᠬᠢᠯᠡᠭᠴᠢ | ᠪᠠᠭᠠᠲᠤᠷ ᠬᠠᠶᠢᠷᠤᠪ ᠤᠨ ᠲᠣᠬᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ | ᠳᠠᠷᠤᠭ᠎ᠠ | ᠸᠠᠩ ᠯᠠᠨ ᠲᠣᠭᠤᠷᠢᠭ ᠤᠨ ᠳᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠤ ᠳᠡᠳ᠋ ᠳᠠᠷᠤᠭ᠎ᠠ | ᠵᠠᠶ ᠰᠧ ᠢᠦᠶ ᠬᠠᠶᠢᠷᠤᠪ ᠤᠨ ᠲᠣᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ | ᠳᠡᠳ᠋ ᠳᠠᠷᠤᠭ᠎ᠠ | ᠸᠠᠩ ᠯᠢ ᠴᠤᠤ ᠬᠠᠶᠢᠷᠤᠪ ᠤᠨ ᠲᠣᠬᠤᠢ ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ | ᠲᠣᠪᠴᠢᠶᠠᠨ ᠤ ᠳᠡᠳ᠋ ᠳᠠᠷᠤᠭ᠎ᠠ | ᠬᠤᠶᠠᠷ᠂ ᠪᠤᠰᠤᠳ ᠵᠦᠢᠯ | ︵ᠨᠢᠭᠡ︶ ᠲᠣᠭᠤᠷᠢᠭ ᠤᠨ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠲᠣᠭᠤᠷᠢᠭ ᠢᠶᠠᠨ | ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠣᠭᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ | ᠲᠤᠰᠢᠶᠠᠯ ᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠽᠸᠦ ᠨᠧᠩ ᠪᠢᠨ ᠨᠥᠬᠦᠷ ᠬᠠᠪᠰᠤᠷᠭᠠᠨ ᠡᠭᠦᠷᠭᠡᠯᠡᠨ᠎ᠡ᠃ | ︵ᠬᠤᠶᠠᠷ︶ ᠬᠤᠶᠢᠰᠢᠳᠠ᠂ ᠲᠤᠭᠤᠷᠢᠭ ᠤᠨ ᠤᠳᠤᠷᠢᠳᠤᠯᠭ᠎ᠠ ᠠᠴᠠ ᠭᠠᠳᠠᠨ᠎ᠠ᠂ ᠪᠤᠰᠤᠳ ᠬᠥᠮᠦᠰ ᠬᠡᠷᠪᠡ | ᠬᠤᠪᠢᠷᠠᠯᠲᠠ ᠭᠠᠷᠪᠠᠯ᠂ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠥᠪᠡᠰᠦᠪᠡᠨ ᠳᠣᠭᠢᠷᠠᠭᠤᠯᠵᠤ᠂ ᠲᠤᠭᠤᠷᠢᠭ ᠤᠨ | ᠵᠠᠰᠠᠭ ᠤᠨ ᠣᠷᠳᠣᠨ ᠤ ᠠᠯᠪᠠᠨ ᠬᠡᠷ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃ | 2023 ᠣᠨ ᠤ 4 ᠰᠠᠷ᠎ᠠ ᠶᠢᠨ 25 ᠤ ᠡᠳᠦᠷ | | |