ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠪᠦᠯᠬᠦᠮ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠵᠦ ᠲᠣᠭᠤᠷᠢᠨ ᠦᠵᠡᠬᠦ ᠠᠵᠢᠯᠯᠠᠭ᠎ᠠ ᠪᠠᠨ ᠭᠦᠨᠵᠡᠭᠡᠢ ᠥᠷᠨᠢᠭᠦᠯᠪᠡ
ᠨᠡᠶᠢᠲᠡᠯᠡᠭᠰᠡᠨ ᠴᠠᠭ᠄
2023/5/12
      ᠣᠷᠣᠨ ᠪᠦᠰᠡ ᠶᠢᠨ ᠬᠤᠭᠤᠷᠣᠨᠳᠣᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠲᠤᠷᠰᠢᠯᠭ᠎ᠠ ᠪᠠᠨ ᠰᠤᠷᠤᠯᠴᠠᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠵᠢᠤᠸᠠᠨ᠂ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠤ᠋ ᠶᠠᠨ ᠨᠥᠬᠦᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠪᠣᠯᠤᠨ ᠲᠣᠭᠤᠷᠢᠭ ᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠶᠢ ᠳᠠᠭᠠᠭᠤᠯᠤᠨ ᠦᠬᠠᠶ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠪᠠᠶᠢᠴᠠᠭᠠᠨ ᠰᠤᠳᠤᠯᠤᠯᠲᠠ ᠬᠢᠵᠦ ᠲᠣᠭᠤᠷᠢᠨ ᠦᠵᠡᠵᠦ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ᠃      ᠦᠬᠠᠶ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠶᠠᠨ ᠯᠢᠨ ᠪᠥᠬᠦ ᠶᠠᠪᠤᠴᠠ ᠳᠤ ᠪᠠᠷ᠎ᠠ ᠪᠣᠯᠤᠭᠰᠠᠨ ᠪᠥᠭᠡᠳ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ᠂ ᠬᠥᠭᠵᠢᠯᠲᠡ ᠶᠢᠨ ᠠᠬᠢᠴᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠳᠥᠷᠪᠡᠨ ᠬᠡᠮᠵᠢᠯ ᠠᠮᠢ ᠠᠬᠤᠶ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠵᠢᠴᠢ ᠪᠤᠰᠤᠳ ᠲᠠᠯ᠎ᠠ ᠶᠢᠨ ᠠᠵᠢᠯ ᠤᠨ ᠪᠠᠶᠢᠳᠠᠯ ᠪᠠ ᠦᠷ᠎ᠡ ᠪᠦᠲᠦᠭᠡᠯ ᠢ ᠨᠢ ᠨᠠᠷᠢᠨ ᠲᠠᠨᠢᠯᠴᠠᠭᠤᠯᠪᠠ᠃      ᠣᠶᠢᠷ᠎ᠠ ᠶᠢᠨ ᠵᠢᠯ ᠤᠨ ᠲᠤᠷᠰᠢ᠂ ᠦᠬᠠᠶ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠰᠤᠷᠭᠠᠭᠤᠯᠢ ᠶᠢᠨ ᠲᠡᠦᠬᠡ ᠰᠤᠷᠭᠠᠭᠤᠯᠢ ᠶᠢᠨ ᠪᠠᠶᠢᠳᠠᠯ ᠲᠠᠢ ᠤᠶᠠᠯᠳᠤᠭᠤᠯᠤᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠵᠣᠷᠢᠭ ᠰᠠᠨᠠᠭ᠎ᠠ  ᠶᠢ ᠪᠤᠯᠪᠠᠰᠤᠷᠠᠭᠤᠯᠪᠠ᠂ ︽ᠰᠤᠷᠤᠭᠴᠢᠳ ᠲᠤ ᠪᠥᠬᠦ ᠲᠠᠯ᠎ᠠ ᠪᠠᠷ ᠥᠪᠡᠷᠮᠢᠴᠡ ᠴᠢᠨᠠᠷᠲᠠᠶ ᠬᠥᠭᠵᠢᠯᠲᠡ᠂ ᠲᠥᠪ ᠭᠤᠤᠯᠴᠢ ᠪᠥᠭᠡᠳ ᠵᠣᠬᠢᠴᠠᠬᠤ ᠴᠢᠨᠠᠷᠲᠠᠶ ᠰᠤᠷᠭᠠᠨ ᠬᠥᠮᠦᠵᠢᠯ ᠢ ᠡᠷᠭᠢᠯᠡᠬᠦ︾ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠢ ᠳᠤᠷᠠᠳᠤᠨ ᠭᠠᠷᠭᠠᠵᠤ᠂ ︽ᠳᠦᠷᠢᠮᠵᠢᠭᠰᠡᠨ᠂ ᠵᠢᠷᠤᠮᠵᠢᠭᠰᠠᠨ᠂ ᠨᠠᠷᠢᠯᠢᠭᠵᠢᠭᠤᠯᠤᠭᠰᠠᠨ᠂ ᠰᠢᠨᠵᠢᠯᠡᠬᠦ ᠤᠬᠠᠭᠠᠨᠴᠢᠯᠠᠭᠰᠠᠨ︾ ᠬᠠᠮᠢᠶᠠᠷᠤᠯᠲᠠ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠬᠦᠳᠦᠯᠦᠨ ᠳᠠᠭᠠᠭᠤᠯᠬᠤ ᠦᠢᠯᠡᠳᠦᠯ ᠢᠯᠡᠳᠲᠡ ᠴᠢᠩᠭᠠᠷᠠᠵᠤ᠂ ᠪᠠᠭᠰᠢ ᠰᠤᠷᠤᠭᠴᠢᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠴᠣ ᠰᠢᠨ᠎ᠡ ᠪᠤᠯᠵᠤ᠂ ᠪᠦᠬᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠡᠮᠬᠢ ᠳᠢᠭᠯᠢᠮ ᠶᠡᠷᠦᠩᠬᠡᠢ ᠳᠡᠭᠡᠨ ᠰᠠᠶᠢᠵᠢᠷᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠪᠦᠲᠦᠮᠵᠢᠲᠡᠢ ᠠᠬᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠡᠳᠦᠷ ᠢᠷᠡᠬᠦᠶ᠎ᠡ ᠥᠳᠬᠡᠷᠡᠵᠦ᠂ ᠨᠡᠶᠢᠭᠡᠮ ᠤᠨ ᠢᠷᠠᠭᠤ ᠠᠯᠳᠠᠷ ᠤᠨ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠪᠡ᠃      ᠳᠥᠷᠪᠡᠨ ᠬᠡᠮᠵᠢᠯ ᠠᠮᠢ ᠠᠬᠤᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠣᠯ ᠦᠬᠠᠶ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠪᠠᠶᠢᠳᠠᠯ ᠲᠠᠢ ᠤᠶᠠᠯᠳᠤᠭᠤᠯᠤᠨ ᠠᠩᠭᠢ ᠶᠢᠨ ᠵᠢᠭᠠᠨ ᠰᠤᠷᠭᠠᠯᠲᠠ ᠶᠢᠨ ᠬᠡᠪ ᠵᠠᠭᠪᠤᠷ ᠤᠨ ᠰᠢᠨ᠎ᠡ ᠶᠢ ᠡᠭᠦᠳᠴᠦ᠂ ᠶᠠᠨ ᠯᠢᠨ ᠱᠦᠵᠢ ᠳᠥᠷᠪᠡᠨ ᠬᠡᠮᠵᠢᠯ ᠠᠮᠢ ᠠᠬᠤᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠦᠯᠲᠡ᠂ ︽ᠬᠠᠷᠠᠯᠲᠠᠲᠤ ᠵᠢᠭᠠᠨ ᠰᠤᠷᠭᠠᠯᠲᠠ᠂ ᠴᠠᠭ ᠤᠨ ᠬᠠᠮᠢᠶᠠᠷᠤᠯᠲᠠ᠂ ᠮᠡᠳᠡᠯᠭᠡ ᠶᠢᠨ ᠬᠤᠯᠪᠣᠭᠳᠠᠯ᠂ ᠳᠤᠭᠤᠶᠢᠯᠠᠩ ᠤᠨ ᠬᠠᠮᠵᠢᠯᠴᠠᠭ᠎ᠠ︾ ᠶᠢᠨ ᠬᠠᠮᠲᠤ ᠪᠠᠷ ᠬᠢᠴᠢᠶᠡᠯ ᠪᠡᠯᠡᠳᠬᠡᠬᠦ ᠡᠯᠧᠮᠧᠨ᠋ᠲ᠂ ︽ᠬᠤᠶᠠᠷ ᠢ ᠲᠣᠭᠲᠠᠭᠠᠬᠤ᠂ ᠲᠠᠪᠤ ᠶᠢ ᠪᠦᠷᠢᠳᠦᠭᠦᠯᠬᠦ᠂ ᠭᠤᠷᠪᠠ ᠶᠢ ᠬᠤᠯᠪᠣᠬᠤ᠂ ᠨᠢᠭᠡ ᠶᠢ ᠪᠦᠷᠢᠯᠳᠦᠭᠦᠯᠬᠦ︾ ᠵᠢᠭᠠᠨ ᠰᠤᠳᠤᠯᠬᠤ ᠠᠵᠢᠯᠯᠠᠭ᠎ᠠ ᠶᠢᠨ ᠱᠠᠭᠠᠷᠳᠠᠯᠭ᠎ᠠ᠂ ᠬᠢᠴᠢᠶᠡᠯ ᠤᠨ ᠲᠢᠩᠬᠢᠮ ᠤᠨ ︽ᠪᠡᠯᠡᠳᠬᠡᠬᠦ᠂ ᠵᠢᠭᠠᠬᠤ᠂ ᠰᠤᠷᠤᠯᠴᠠᠬᠤ᠂ ᠦᠨᠡᠯᠡᠬᠦ ᠶᠢ ᠨᠢᠭᠡᠳᠬᠡᠬᠦ︾ ᠵᠠᠷᠴᠢᠮ ᠵᠡᠷᠭᠡ ᠬᠢᠴᠢᠶᠡᠯ ᠤᠨ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠡᠯᠧᠮᠧᠨ᠋ᠲ ᠢ ᠨᠢ ᠨᠠᠷᠢᠨ ᠲᠠᠨᠢᠯᠴᠠᠭᠤᠯᠵᠠᠢ᠃ ᠳᠥᠷᠪᠡᠨ ᠬᠡᠮᠵᠢᠯ ᠠᠮᠢ ᠠᠬᠤᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠨᠢ ᠰᠤᠷᠤᠭᠴᠢᠳ ᠤᠨ ᠦᠭᠡ ᠬᠡᠯᠡ ᠶᠢᠨ ᠢᠯᠡᠳᠬᠡᠯ᠂ ᠬᠠᠮᠲᠤᠷᠠᠨ ᠰᠤᠳᠤᠯᠬᠤ ᠴᠢᠳᠠᠪᠤᠷᠢ ᠶᠢ ᠬᠥᠮᠥᠵᠢᠭᠦᠯᠬᠦ ᠶᠢ ᠴᠢᠬᠤᠯᠠᠴᠢᠯᠠᠵᠤ᠂ ᠰᠤᠷᠤᠭᠴᠢᠳ ᠤᠨ ᠮᠡᠳᠡᠯᠭᠡ ᠶᠢᠨ ᠰᠢᠰᠲ᠋ᠧᠮ ᠤᠨ ᠥᠪᠡᠷ ᠢ ᠪᠠᠨ ᠪᠠᠶᠢᠭᠤᠯᠬᠤ ᠶᠢ ᠴᠢᠬᠤᠯᠠᠴᠢᠯᠠᠨ᠂ ᠰᠤᠷᠤᠭᠴᠢᠳ ᠤᠨ ᠰᠤᠷᠤᠯᠴᠠᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠵᠤ᠂ ᠦᠨᠡᠨᠬᠦ ᠬᠢᠴᠢᠶᠡᠯ ᠤᠨ ᠲᠠᠩᠬᠢᠮ ᠤᠨ ᠡᠵᠡᠨ ᠪᠣᠯᠵᠤ᠂ ᠦᠨᠳᠦᠰᠦ ᠪᠠᠨ ᠪᠠᠲᠤᠳᠬᠠᠨ ᠰᠢᠯᠢᠳᠡᠭ ᠢ ᠨᠢ ᠪᠤᠶᠢᠵᠢᠭᠤᠯᠵᠤ᠂ ᠰᠤᠷᠤᠭᠴᠢᠳ ᠤᠨ ᠥᠷᠲᠡᠭ ᠤᠨ ᠬᠥᠭᠵᠢᠯᠲᠡ ᠶᠢ ᠨᠢ ᠪᠡᠶᠡᠯᠡᠭᠦᠯᠪᠡ᠃     ᠪᠠᠶᠢᠴᠠᠭᠠᠨ ᠰᠤᠳᠤᠯᠤᠯᠲᠠ ᠬᠢᠵᠦ ᠲᠣᠭᠤᠷᠢᠨ ᠦᠵᠡᠬᠦ ᠳᠤᠮᠳᠠ᠂ ᠬᠠᠶᠢᠷᠤᠪ ᠤᠨ ᠲᠤᠬᠤᠢ ᠲᠣᠭᠤᠷᠢᠭ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠬᠤ᠂ ᠶᠣᠰᠣ ᠰᠤᠷᠲᠠᠬᠤᠨ ᠤ ᠬᠥᠮᠦᠵᠢᠯ ᠤᠨ ᠠᠵᠢᠯ᠂ ᠰᠤᠷᠭᠠᠭᠤᠯᠢ ᠶᠢᠨ ᠲᠦᠷᠢᠮ ᠤᠨ ᠪᠠᠶᠢᠭᠤᠯᠤᠯᠲᠠ ᠪᠣᠯᠤᠨ ᠬᠡᠷᠡᠭᠵᠢᠭᠦᠯᠦᠯᠲᠡ᠂ ᠰᠤᠷᠭᠠᠭᠤᠯᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠵᠣᠯᠭᠠᠭᠤᠯᠬᠤ᠂ ᠪᠠᠭᠰᠢ ᠶᠢᠨ ᠰᠣᠯᠢᠯᠴᠠᠭ᠎ᠠ᠂ ᠪᠠᠭᠰᠢ ᠶᠢᠨ ᠲᠤᠰᠬᠠᠶᠢᠵᠢᠭᠰᠠᠨ ᠬᠥᠭᠵᠢᠯᠲᠡ ᠵᠡᠷᠭᠡ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠵᠠᠩᠭᠢᠯᠠᠭ᠎ᠠ ᠶᠢᠨ ᠠᠰᠠᠭᠤᠳᠠᠯ ᠤᠨ ᠲᠤᠬᠠᠢ ᠦᠬᠠᠢ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠲᠠᠢ ᠥᠷᠭᠡᠨ ᠭᠦᠨᠵᠡᠭᠡᠢ ᠰᠠᠨᠠᠯ ᠢᠶᠠᠨ ᠰᠣᠯᠢᠯᠴᠠᠪᠠ᠃      ᠬᠠᠶᠢᠷᠤᠪ ᠤᠨ ᠲᠤᠬᠤᠢ ᠲᠣᠭᠤᠷᠢᠭ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠦᠬᠦ ᠲᠤᠭᠤᠷᠢᠭ ᠤᠨ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠭᠯᠡᠯ ᠪᠣᠯᠤᠨ ᠬᠠᠷᠠᠯᠲᠠ ᠪᠠᠨ ᠰᠠᠶᠢᠲᠤᠷ ᠲᠥᠯᠥᠪᠵᠢᠭᠦᠯᠵᠦ᠂ ᠤᠳᠤ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠵᠢᠷᠤᠮᠵᠢᠭᠰᠠᠨ ᠬᠠᠮᠢᠶᠠᠷᠤᠯᠲᠠ ᠪᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠲᠤᠭᠤᠷᠢᠭ ᠤᠨ ᠬᠠᠷᠢᠶ᠎ᠠ ᠰᠤᠷᠭᠠᠭᠤᠯᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢᠶᠠᠨ ᠠᠬᠢᠭᠤᠯᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠᠨ ᠪᠡᠶᠡᠯᠡᠭᠦᠯᠵᠦ᠂ ᠲᠤᠭᠤᠷᠢᠭ ᠤᠨ ᠬᠠᠷᠢᠶ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠᠨ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠪᠠᠨ ᠪᠡᠶᠡᠯᠡᠭᠦᠯᠦᠨ᠎ᠡ᠃ 

5.11  2.jpg

5.11 1.jpg

5.11.jpg

1682674806090063041.png

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号