ᠬᠠᠶᠢᠷᠤᠪ ᠤᠨ ᠲᠣᠬᠤᠢ ᠲᠣᠭᠤᠷᠢᠭ ᠤᠨ ︽ᠦᠨᠳᠦᠰᠦᠲᠡᠨ ᠤ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/5/16
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠶ ᠢᠯᠡᠷᠡᠯ ᠮᠥᠨ᠂ ᠪᠠᠰᠠ ᠴᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠦᠢᠯᠡᠰ ᠮᠥᠨ᠃ 5 ᠰᠠᠷ᠎ᠠ ᠶᠢᠨ 13᠎ ᠤ ᠡᠳᠦᠷ᠂ 2023 ᠣᠨ ᠤ ᠬᠠᠶᠢᠷᠤᠪ ᠤᠨ ᠲᠤᠬᠤᠢ ᠲᠣᠭᠤᠷᠢᠭ ᠤᠨ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠵᠢᠩᠬᠢᠨᠢ ᠪᠠᠷ ᠡᠬᠢᠯᠡᠪᠡ᠃      ᠠᠵᠢᠯᠯᠠᠭ᠎ᠠ ᠶᠢᠨ ᠳᠤᠮᠳᠠ᠂ ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠠᠢ ᠰᠢᠨ ᠨᠡᠶᠢᠭᠡᠮ ᠲᠣᠭᠤᠷᠢᠭ ︵ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︶᠂ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤ ᠶᠢᠨ ᠰᠢᠨ ᠹᠧᠩ ᠲᠣᠰᠬᠤᠨ ︵ᠵᠢᠱᠢᠶ᠎ᠡ ᠦᠵᠡᠭᠦᠯᠬᠦ ᠲᠣᠰᠬᠤᠨ︶᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ︵ᠵᠢᠱᠢᠶ᠎ᠡ ᠦᠵᠡᠭᠦᠯᠬᠦ ᠨᠢᠭᠡᠴᠡ︶᠂ ᠵᠡᠪᠰᠡᠭᠲᠦ ᠴᠠᠭᠳᠠᠭ᠎ᠠ ᠶᠢᠨ ᠦᠬᠠᠢ ᠶᠢᠨ ᠰᠠᠯᠪᠤᠷᠢ ᠠᠩᠬᠢ ᠶᠢᠨ ᠪᠡᠯᠡᠳᠬᠡᠯ ᠶᠡᠭᠡ ᠠᠩᠬᠢ ︵ᠵᠢᠱᠢᠶ᠎ᠡ ᠦᠵᠡᠭᠦᠯᠬᠦ ᠨᠢᠭᠡᠴᠡ︶᠂ ᠦᠬᠠᠢ ᠬᠤᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ︵ᠵᠢᠱᠢᠶ᠎ᠡ ᠦᠵᠡᠭᠦᠯᠬᠦ ᠰᠤᠷᠭᠠᠭᠤᠯᠢ︶᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶᠎ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠬᠠᠢ ᠬᠤᠳᠠ ᠶᠢᠨ ᠬᠠᠶᠢᠷᠤᠪ ᠤᠨ ᠲᠤᠬᠤᠢ ᠶᠢᠨ ᠴᠠᠬᠢᠯᠭᠠᠨ ᠬᠠᠩᠭᠠᠬᠤ ᠺᠣᠮᠫᠠᠨᠢ ︵ᠵᠢᠱᠢᠶ᠎ᠡ ᠦᠵᠡᠭᠦᠯᠬᠦ ᠨᠢᠭᠡᠴᠡ︶ ᠵᠡᠷᠭᠡ 6 ᠨᠢᠭᠡᠴᠡ ᠳᠤ 2022 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠡ ᠳᠤ ᠫᠠᠶᠢᠰᠠ ᠣᠯᠭᠤᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠨᠢᠭᠡᠴᠢ ᠶᠢᠨ ᠬᠢᠨ ᠦᠵᠡᠭᠦᠯᠭᠡ ᠶᠢᠨ ᠰᠠᠮᠪᠠᠷ᠎ᠠ᠂ᠭᠠᠷ ᠳᠡᠪᠲᠡᠷ ᠵᠡᠷᠭᠡ ᠬᠡᠯᠪᠡᠷᠢ ᠶᠢ ᠠᠰᠢᠬᠯᠠᠵᠤ᠂ ᠠᠷᠠᠳ ᠤᠯᠠᠨ ᠳᠤ ᠦᠨᠳᠦᠰᠦᠲᠡᠨ ᠤ ᠪᠦᠯᠬᠦᠮᠳᠡᠯ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠤᠬᠠᠭᠤᠯᠵᠤ᠂ ᠥᠷᠭᠡᠨ ᠤᠯᠠᠨ ᠬᠤᠳᠠ ᠶᠢᠨ ᠠᠷᠠᠳ ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠦᠨᠳᠦᠰᠦᠲᠡᠨ ᠤ ᠬᠠᠤᠯᠢᠵᠢᠯ ᠤᠨ ᠬᠠᠮᠢᠶ᠎ᠠ ᠪᠦᠬᠦᠢ ᠠᠭᠤᠯᠭ᠎ᠠ ᠶᠢ ᠨᠢ ᠴᠢᠷᠮᠠᠶᠢᠨ ᠣᠶᠢᠯᠠᠭᠠᠵᠤ᠂ ᠤᠯᠠᠨ ᠲᠦᠮᠡᠨ ᠲᠠᠢ ᠤᠢᠢᠷᠠᠳᠤᠭᠰᠠᠨ ᠠᠷᠭ᠎ᠠ ᠬᠡᠯᠪᠡᠷᠢ ᠪᠠᠷ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠪᠠ᠃      ᠬᠠᠶᠢᠷᠤᠪ ᠤᠨ ᠲᠤᠬᠤᠢ ᠲᠣᠭᠤᠷᠢᠭ ᠤᠨ ᠬᠢᠨ ᠥᠷᠭᠡᠨ ᠤᠯᠠᠨ ᠠᠷᠠᠳ ᠲᠦᠮᠡᠨ ᠤ ᠳᠤᠮᠳᠠ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠨᠢ ᠤᠯᠠᠮ ᠴᠢᠨᠠᠭᠰᠢᠳᠠ ᠥᠷᠭᠡᠨ ᠢᠶᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠠᠨ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠨᠢ ᠪᠤᠢ ᠪᠣᠯᠭᠠᠵᠤ ᠥᠭᠭᠦᠨ᠎ᠡ᠃      ᠲᠣᠰ ᠤᠳᠠᠭᠠᠨ ᠤ ᠠᠵᠢᠯᠯᠠᠭ᠎ᠠ ᠶᠢ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠠᠭᠠᠭᠠᠴᠢᠯᠠᠨ ᠡᠷᠬᠢᠯᠡᠪᠡ᠃

20230515100352430.png

20230515100317573.png

20230515100252618.png

   

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号