ᠭᠠᠢ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠢᠯᠡᠵᠦ ᠴᠢᠨᠠᠷ ᠰᠠᠢᠲᠠᠢ ᠬᠥᠭᠵᠢᠯᠲᠡ ᠶᠢ  ᠬᠠᠮᠠᠭᠠᠯᠠᠶ᠎ᠠ᠄ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽5 · 12 ᠤ ᠭᠠᠮᠰᠢᠭ ᠢ ᠰᠡᠷᠭᠡᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/17
      2023 ᠣᠨ ᠤ 5 ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ 15 ᠳ᠋ᠤᠭᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠃      ᠠᠮᠤᠷ ᠲᠦᠪᠰᠢᠨ ᠤ ᠬᠠᠮᠢᠶᠠᠷᠤᠯᠲᠠ ᠮᠢᠩᠭᠠᠨ ᠲᠦᠮᠡᠨ ᠵᠤᠷᠪᠤᠰ᠂ ᠠᠮᠤᠷ ᠲᠦᠪᠰᠢᠨ ᠤ ᠬᠥᠮᠦᠵᠢᠯ ᠲᠡᠷᠢᠭᠦᠨ ᠴᠢᠬᠤᠯᠠ᠃ ᠬᠠᠶᠢᠷᠤᠪ ᠤᠨ ᠲᠤᠬᠤᠢ ᠲᠤᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠠᠩᠭᠢ ᠪᠦᠯᠬᠦᠮ ᠤᠨ ᠬᠤᠷᠠᠯ᠂ ᠤᠯᠤᠰ ᠤᠨ ᠲᠤᠭ ᠳᠣᠤᠷᠠᠬᠢ ᠶᠠᠷᠢᠶ᠎ᠠ ᠢᠯᠡᠳᠬᠡᠯ᠂ ᠰᠤᠷᠭᠠᠭᠤᠯᠢ ᠶᠢᠨ ᠬᠦᠷᠢᠶᠡᠨ ᠤ ᠷᠠᠳᠢᠣ᠋ ᠨᠡᠪᠲᠡᠷᠡᠭᠦᠯᠭᠡ᠂ ᠭᠠᠷ ᠪᠢᠴᠢᠮᠡᠯ ᠰᠣᠨᠢᠨ᠂ ᠣᠯᠠᠨ ᠨᠡᠶᠢᠲᠡ ᠶᠢᠨ ᠳ᠋ᠤᠭᠠᠷ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ᠂ ᠣᠯᠠᠨ ᠬᠠᠷᠠᠭᠠᠰᠤ᠂ ᠪᠣᠰᠤᠭ᠎ᠠ ᠴᠣᠭᠴᠠᠲᠤ ᠬᠡᠯᠪᠡᠷᠢ ᠪᠠᠷ ᠰᠠᠶᠢᠲᠤᠷ ᠬᠢᠵᠦ᠂ ᠭᠤᠤᠯ ᠤᠬᠠᠭᠤᠯᠭ᠎ᠠ ᠬᠥᠮᠦᠵᠢᠯ ᠤᠨ ᠠᠭᠤᠯᠭ᠎ᠠ ᠨᠢ ᠭᠠᠵᠠᠷ ᠬᠥᠳᠡᠯᠦᠯᠲᠡ᠂ ᠰᠢᠷᠦᠭᠦᠨ ᠪᠣᠷᠣᠭᠠᠨ᠂ ᠭᠠᠯ ᠤᠨ ᠠᠶᠤᠯ ᠵᠡᠷᠭᠡ ᠭᠠᠮᠰᠢᠭ ᠢ ᠬᠡᠷᠬᠢᠨ ᠠᠷᠭᠠᠴᠠᠭᠠᠬᠤ ᠴᠢᠳᠠᠪᠤᠷᠢ ᠪᠣᠯᠤᠨ᠎ᠠ᠃      ᠰᠡᠯᠡᠭᠦᠦ ᠴᠠᠭ ᠲᠤ ᠰᠤᠷᠢᠯᠲᠠ ᠳᠤ ᠣᠷᠣᠯᠴᠠᠵᠤ᠂ ᠶᠠᠭᠠᠷᠠᠤ ᠦᠶ᠎ᠡ ᠳᠤ ᠬᠥᠮᠦᠨ ᠪᠣᠯᠭᠠᠨ ᠰᠠᠮᠠᠭᠤᠷᠠᠬᠤ ᠦᠭᠡᠢ᠃ ᠬᠠᠶᠢᠷᠤᠪ ᠤᠨ ᠲᠤᠬᠤᠢ ᠲᠤᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠰᠣᠷᠢᠯᠲᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠤᠷᠤᠭᠴᠢᠳ ᠪᠠᠭᠰᠢ ᠶᠢᠨ ᠵᠢᠯᠣᠭᠤᠳᠤᠯᠭ᠎ᠠ ᠳᠣᠤᠷ᠎ᠠ᠂ ᠨᠢᠭᠡᠨᠲᠡ ᠲᠣᠭᠲᠠᠭᠠᠭᠰᠠᠨ ᠠᠮᠢ ᠵᠢᠭᠤᠲᠠᠬᠤ ᠱᠤᠭᠤᠮ ᠢᠶᠠᠷ ᠢᠶᠠᠨ ᠦᠳᠲᠡᠷ ᠲᠦᠷᠭᠡᠨ ᠠᠮᠤᠷ ᠲᠦᠪᠰᠢᠨ ᠭᠠᠷᠬᠤ ᠡᠭᠦᠳᠡ ᠪᠠᠷ ᠳᠠᠮᠵᠢᠨ᠂ ᠰᠤᠷᠭᠠᠭᠤᠯᠢ ᠶᠢᠨ ᠲᠠᠮᠢᠷ ᠤᠨ ᠲᠠᠯᠠᠪᠠᠶ ᠳᠤ ᠤᠬᠤᠷᠢᠨ ᠬᠦᠷᠬᠦ ᠵᠡᠷᠭᠡ ᠵᠢᠭᠠᠨ ᠲᠣᠭᠲᠠᠭᠠᠭᠰᠠᠨ ᠪᠠᠶᠢᠷᠢᠨ ᠳᠤ ᠵᠠᠷᠯᠢᠭ ᠬᠦᠯᠢᠶᠡᠪᠡ᠃ ᠰᠣᠷᠢᠯᠲᠠ ᠶᠢᠨ ᠲᠤᠬᠠᠶ ᠶᠢᠨ ᠲᠠᠯᠠᠪᠠᠶ ᠶᠢ ᠨᠠᠷᠢᠨ ᠨᠢᠮᠪᠠᠶ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠪᠠᠴᠢᠮ ᠪᠥᠭᠡᠳ ᠡᠮᠬᠢ ᠵᠢᠷᠤᠮ ᠲᠠᠢ ᠪᠠᠶᠢᠯᠭᠠᠵᠤ᠂ ᠪᠠᠭᠰᠢ ᠰᠤᠷᠤᠭᠴᠢᠳ ᠤᠨ ᠭᠠᠮᠰᠢᠭ ᠢ ᠠᠷᠭᠠᠴᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠠᠮᠢ ᠨᠠᠰᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠢ ᠢᠳᠡᠪᠬᠢᠲᠡᠶ ᠪᠠᠶᠢᠭᠤᠯᠪᠠ᠃ ᠣᠳᠣᠬᠠᠨ ᠪᠣᠯᠲᠠᠯ᠎ᠠ᠂ ᠨᠡᠶᠢᠲᠡ 61 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠵᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ 60 ᠭᠠᠷᠤᠢ ᠤᠳᠠᠭ᠎ᠠ ᠥᠷᠨᠢᠭᠦᠯᠵᠦ᠂ 3 ᠲᠦᠮᠡ ᠭᠠᠷᠤᠢ ᠪᠠᠭᠰᠢ ᠰᠤᠷᠤᠭᠴᠢᠳ ᠰᠣᠷᠢᠯᠲᠠ ᠶᠢᠨ ᠠᠵᠢᠯᠯᠠᠭ᠎ᠠ ᠳᠤ ᠣᠷᠣᠯᠴᠠᠵᠠᠢ᠃      ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠨ᠎ᠠ᠃ ᠬᠤᠶᠢᠰᠢᠳᠠ᠂ ᠬᠠᠶᠢᠷᠤᠪ ᠤᠨ ᠲᠤᠬᠤᠢ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠮᠤᠷ ᠲᠦᠪᠰᠢᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠰᠤᠷᠭᠠᠭᠤᠯᠢ ᠶᠢᠨ ᠬᠦᠷᠢᠶᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠳᠠᠯᠳᠠ ᠬᠡᠮ ᠢ ᠨᠢ ᠴᠠᠭ ᠲᠤᠬᠠᠶ ᠳᠤᠨᠢ ᠢᠯᠡᠷᠡᠭᠦᠯᠦᠨ ᠠᠷᠢᠯᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠠᠮᠢ ᠵᠢᠭᠤᠲᠠᠬᠤ ᠰᠣᠷᠢᠯᠲᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠠᠴᠠ ᠵᠠᠶᠢᠯᠠᠬᠤ᠂ ᠭᠠᠮᠰᠢᠭ ᠢ ᠪᠠᠭᠠᠰᠬᠠᠬᠤ ᠤᠬᠠᠮᠰᠠᠷ ᠪᠠ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠪᠠ ᠰᠤᠷᠭᠠᠭᠤᠯᠢ ᠶᠢᠨ ᠬᠦᠷᠢᠶᠡᠨ ᠤ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃

17  2.png

17  3.png

17.png

   

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号