ᠰᠣᠯᠪᠢᠴᠠᠨ ᠪᠠᠶᠢᠴᠠᠭᠠᠵᠤ ᠬᠥᠭᠵᠢᠯᠲᠡ ᠪᠠᠨ ᠠᠬᠢᠭᠤᠯᠵᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠣᠣᠷ ᠢᠶᠠᠨ ᠬᠠᠮᠲᠤᠪᠠᠷ ᠪᠠᠶᠢᠭᠤᠯᠪᠠ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠳᠤᠭᠤᠶᠢᠯᠠᠩ ᠬᠠᠶᠢᠷᠤᠪ ᠤᠨ ᠲᠤᠬᠤᠢ ᠲᠣᠭᠤᠷᠢᠭ ᠲᠤ ᠭᠦᠨᠵᠡᠭᠡᠶᠢᠷᠡᠨ ᠲᠤᠰᠬᠠᠢ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/5/22
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠠ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠰᠣᠯᠪᠢᠴᠠᠨ ᠪᠠᠶᠢᠴᠠᠭᠠᠬᠤ ᠠᠵᠢᠯ ᠤᠨ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ 2023 ᠣᠨ ᠤ 5 ᠰᠠᠷ᠎ᠠ ᠶᠢᠨ 17᠎ ᠤ ᠡᠳᠦᠷ — 18᠎ ᠤ ᠡᠳᠦᠷ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠶᠡᠷᠦᠩᠬᠡᠶ ᠵᠠᠬᠢᠷᠤᠭᠴᠢ  ᠰᠠᠶᠢᠰᠢᠶᠠᠯᠳᠤ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠰᠠᠯᠠᠭ᠎ᠠ ᠶᠢᠨ ᠳᠡᠳ᠋ ᠳᠠᠷᠤᠭ᠎ᠠ ᠯᠢᠦ ᠰᠢᠶᠠᠩ ᠳ᠋ᠦᠩ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠵᠢᠯᠣᠭᠤᠳᠬᠤ ᠲᠠᠰᠤᠭ ᠤᠨ ᠭᠡᠰᠢᠭᠦᠴᠢ ᠭᠦᠸᠧ ᠰᠢᠨ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠠᠭᠤᠷᠢ ᠰᠤᠷᠭᠠᠨ ᠬᠥᠮᠦᠵᠢᠯ ᠤᠨ ᠰᠠᠯᠠᠭ᠎ᠠ ᠶᠢᠨ ᠭᠡᠰᠢᠭᠦᠴᠢ ᠵᠠᠩ ᠫᠸᠢ ᠯᠦᠨ ᠨᠡᠷ ᠬᠠᠶᠢᠷᠤᠪ ᠤᠨ ᠲᠤᠬᠤ᠋ ‍ᠢ‌‍ᠲ᠋ᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠭᠦᠨᠵᠡᠭᠡᠶᠢᠷᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠣᠯᠪᠢᠴᠠᠯ ᠪᠠᠶᠢᠴᠠᠭᠠᠯᠲᠠ ᠶᠢ ᠥᠷᠨᠢᠭᠦᠯᠵᠦ ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠠᠵᠢᠯᠲᠠᠨ ᠪᠠᠷ᠎ᠠ ᠪᠣᠯᠵᠣ ᠪᠠᠶᠢᠴᠠᠭᠠᠯᠲᠠ ᠬᠢᠪᠠ᠃      ᠪᠠᠶᠢᠴᠠᠭᠠᠬᠤ ᠳᠤᠭᠤᠶᠢᠯᠠᠩ ᠤᠨ ᠬᠢᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠪᠣᠳᠠᠲᠠᠶ ᠭᠠᠵᠠᠷ ᠲᠤᠨᠢ ᠪᠠᠶᠢᠴᠠᠭᠠᠨ ᠦᠵᠡᠬᠦ ᠬᠡᠯᠪᠡᠷᠢ ᠪᠠᠷ ᠤᠷᠢᠳ ᠬᠤᠵᠢᠳ ᠦᠬᠠᠶ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠬᠠᠶᠢᠷᠤᠪ ᠤᠨ ᠳᠤᠬᠤᠢ ᠲᠣᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠂  ᠨᠠᠢᠮᠳᠤᠭᠠᠷ ᠪᠠᠭ᠎ᠠ ᠰᠤᠷᠭᠠᠭᠤᠯᠢ᠂ ᠠᠷᠪᠠᠨ ᠭᠤᠷᠪᠠᠳᠤᠭᠠᠷ ᠬᠡᠤᠬᠡᠳ ᠤᠨ ᠴᠡᠴᠡᠷᠯᠢᠭ᠂ ᠵᠢᠶᠠ ᠬᠤᠤ ᠬᠡᠤᠬᠡᠳ ᠤᠨ ᠴᠡᠴᠡᠷᠯᠢᠭ ᠵᠡᠷᠭᠡ 6 ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ︽ᠳᠥᠷᠪᠡᠨ 100%︾᠂ ᠠᠶᠤᠯᠲᠠᠶ ᠬᠢᠮᠢ ᠶᠢᠨ ᠪᠣᠳᠠᠰ ︵ᠲᠤᠷᠰᠢᠯᠲᠠ ᠶᠢᠨ ᠲᠠᠰᠤᠭ︶᠎ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠰᠢᠲᠠᠮᠠᠬᠠᠶ ᠬᠡᠶ ᠶᠢᠨ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠴᠡᠭᠴᠡᠯᠡᠨ ᠵᠠᠰᠠᠬᠤ ᠪᠠ ᠪᠠᠭᠰᠢ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠵᠢᠴᠢ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠨ᠎ᠠ᠃      ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠲᠤᠭᠤᠷᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ᠂ ︽ᠭᠤᠷᠪᠠ ᠶᠢ ᠰᠡᠷᠭᠡᠶᠢᠯᠡᠬᠦ︾ ᠪᠠᠶᠢᠭᠤᠯᠤᠯᠲᠠ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ ᠲᠤᠰᠬᠠᠶ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠭᠦᠢᠴᠡᠤᠡ ᠨᠤᠲᠠᠯᠠᠭᠰᠠᠨ ᠤ ᠬᠠᠮᠲᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ︽ᠠᠰᠠᠭᠤᠳᠠᠯ ᠢ ᠡᠷᠢᠬᠦ᠂ ᠳᠤᠲᠠᠭᠤᠳᠠᠯ ᠢ ᠨᠥᠬᠦᠪᠥᠷᠢᠯᠡᠬᠦ᠂ ᠠᠵᠢᠯ ᠢ ᠠᠬᠢᠭᠤᠯᠬᠤ︾  ᠤᠶᠢᠯᠡᠳᠤᠯ ᠢᠶᠠᠨ ᠦᠨᠡᠨᠬᠦ ᠪᠠᠳᠠᠷᠠᠭᠤᠯᠪᠠ᠃      ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠣᠯᠪᠢᠴᠠᠯ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠪᠠᠷ ᠳᠡᠮᠵᠢᠨ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ ᠮᠠᠰᠢ ᠰᠠᠶᠢᠨ ᠬᠢᠨᠠᠯᠲᠠ ᠲᠠᠯᠪᠢᠬᠤ ᠪᠠ ᠵᠢᠯᠣᠭᠤᠳᠬᠤ ᠤᠶᠢᠯᠡᠳᠤᠯ ᠦᠵᠡᠭᠦᠯᠪᠡ᠂ ᠮᠠᠨ ᠤ ᠲᠣᠪᠴᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ︽ᠠᠮᠤᠷ ᠲᠦᠪᠰᠢᠨ ᠤ ᠨᠠᠷᠢᠨ ᠵᠤᠶᠢᠯᠡᠰ ᠤᠨ ᠬᠠᠮᠢᠶᠠᠷᠤᠯᠲᠠ ᠶᠢ ᠠᠳᠬᠤᠵᠤ᠂ ᠰᠤᠷᠭᠠᠭᠤᠯᠢ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ︾ ᠠᠮᠤᠷ ᠲᠦᠪᠰᠢᠨ ᠤ ᠬᠠᠮᠢᠶᠠᠷᠤᠯᠲᠠ ᠶᠢᠨ ᠵᠣᠷᠢᠯᠲᠠ ᠪᠠᠨ ᠪᠠᠷᠢᠮᠲᠠᠯᠠᠨ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢᠶᠠᠨ ᠰᠢᠨ᠎ᠡ ᠳᠡᠭᠲᠡᠷ ᠲᠤ ᠭᠠᠷᠭᠠᠨ᠎ᠠ᠃

1684400953115035735.jpg

1684400908750077905.jpg

1684400962890085620.jpg

1684400972243096373.jpg

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号