ᠰᠦᠨ ᠬᠤᠤ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/5/22
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠪᠸᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠭᠰᠠᠨ ᠪᠥᠭᠡᠳ ᠰᠢᠶᠦ᠋ᠩ ᠠᠨ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠾᠧᠪᠸᠢ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠶᠢᠷᠤᠪ ᠤᠨ ᠲᠤᠬᠤᠢ ᠲᠣᠭᠤᠷᠢᠭ ᠤᠨ 2023 ᠣᠨ ᠤ 1 - 4 ᠰᠠᠷ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠢ ᠰᠣᠨᠣᠰᠴᠤ᠂ ︽ᠬᠠᠶᠢᠷᠤᠪ ᠤᠨ ᠲᠤᠬᠤᠢ ᠲᠣᠭᠤᠷᠢᠭ ᠤᠨ 2023 ᠣᠨ ᠤ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ︵ᠬᠦᠷᠭᠡᠨ ᠬᠢᠨᠠᠭᠤᠯᠬᠤ ᠨᠤᠤᠷᠠᠭ︶︾ ᠵᠡᠷᠭᠡ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠨᠢ ᠲᠤᠬᠢᠷᠠᠭᠤᠯᠤᠨ ᠪᠠᠶᠢᠷᠢᠯᠠᠭᠤᠯᠵᠠᠢ᠃      ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠶᠢᠷᠤᠪ ᠤᠨ ᠲᠤᠬᠤᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠬᠡᠷᠡᠭᠲᠡᠢ︔ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠵᠣᠷᠢᠭᠲᠠᠢ ᠪᠠᠷ ᠠᠰᠠᠭᠤᠳᠠᠯ ᠢ ᠰᠢᠢᠳᠪᠦᠷᠢᠯᠡᠨ ᠰᠢᠨ᠎ᠡ ᠶᠢ ᠡᠭᠦᠳᠴᠦ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ ᠲᠠᠯ᠎ᠠ ᠠᠴᠠ ᠦᠨᠡᠨ ᠬᠦ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ ᠪᠤᠳᠤᠯᠭ᠎ᠠ ᠪᠠᠨ ᠠᠷᠠᠳ ᠠᠴᠠ ᠠᠰᠠᠭᠤᠬᠤ ᠬᠡᠷᠡᠭᠲᠡᠢ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠠᠮᠢᠳᠤᠯᠢᠭ ᠬᠥᠭᠵᠢᠯᠲᠡ ᠶᠢᠨ ᠪᠠᠶᠢᠳᠠᠯ ᠢᠶᠠᠨ ᠪᠦᠷᠢᠯᠳᠦᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠵᠠᠮ ᠨᠡᠭᠡᠭᠡᠨ ᠤᠷᠤᠭᠰᠢᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠠᠵᠢᠯ ᠲᠦᠷᠦᠯ ᠤᠨ ᠴᠡᠴᠡᠭ ᠪᠦᠬᠦᠨ ᠢ ᠨᠢ ᠵᠡᠷᠭᠡᠪᠡᠷ ᠳᠡᠯᠭᠡᠷᠡᠭᠦᠯᠵᠦ᠂ ᠶᠡᠭᠡ ᠦᠢᠯᠡᠰ ᠢ ᠪᠦᠲᠦᠭᠡᠵᠦ ᠪᠣᠯᠬᠤ ᠥᠷᠭᠡᠨ ᠠᠭᠤᠳᠠᠮ ᠣᠷᠣᠨ ᠵᠠᠢ ᠪᠣᠯᠭᠠᠬᠤ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号