ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/5/6
      ᠶᠡᠷᠦᠩᠬᠡᠢ ᠱᠦᠵᠢ ᠰᠢ ᠶᠢᠨ ᠫᠢᠩ᠄ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠳᠤ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠨᠢᠭᠡ ᠴᠤᠬᠴᠠᠵᠢᠭᠤᠯᠤᠨ ᠪᠠᠶᠢᠭᠤᠯᠬᠤ ᠶᠢ ᠪᠠᠷᠢᠮᠲᠠᠯᠠᠬᠤ ᠬᠡᠷᠡᠭᠲᠡᠢ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠪᠣᠯᠤᠨ᠎ᠠ᠃ ᠣᠳᠣᠬᠠᠨ ᠳᠤ᠂ ᠮᠠᠨ ᠤ ᠲᠤᠭᠤᠷᠢᠭ ︽ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾᠎ ᠢ ᠡᠭᠦᠳᠦᠨ ᠪᠠᠶᠢᠭᠤᠯᠬᠤ ᠪᠠᠷ ᠢᠳᠡᠪᠬᠢᠲᠡᠶ ᠪᠡᠯᠡᠳᠬᠡᠵᠦ ᠪᠠᠶᠢᠨ᠎ᠠ᠂ ᠡᠨᠡ ᠪᠣᠯ ᠮᠠᠨ ᠤ ᠬᠤᠲᠠ ᠶᠢᠨ ᠬᠠᠲᠠᠭᠤ ᠴᠥᠮ᠎ᠡ ᠶᠢᠨ ᠬᠦᠴᠦᠨ ᠤ ᠪᠠᠰᠠ ᠨᠢᠭᠡ ᠤᠳᠠᠭᠠᠨ ᠤ ᠳᠡᠭᠡᠭᠰᠢᠯᠡᠯᠲᠡ ᠪᠣᠯᠤᠨ᠎ᠠ᠃ ᠠᠳᠡ᠂ ᠪᠢᠳᠡ ᠪᠦᠬᠦ ᠲᠤᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠲᠤ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄      ᠦᠨᠡᠨᠴᠢ ᠰᠢᠳᠤᠷᠭᠤ ᠪᠠᠷ ᠣᠷᠣᠯᠴᠠᠵᠤ᠂ ᠶᠡᠭᠡ ᠪᠠᠷ ᠳᠡᠮᠵᠢᠬᠦ ᠬᠡᠷᠡᠭᠲᠡᠢ᠃ ᠥᠷᠭᠡᠨ ᠣᠯᠠᠨ ᠰᠠᠭᠤᠭᠠᠯᠢ ᠠᠷᠠᠳ ᠤᠨ ᠨᠠᠶᠢᠵᠠ ᠨᠠᠷ ᠨᠡᠶᠢᠭᠡᠮ ᠤᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠬᠡᠷᠪᠡ ᠤᠲᠠᠰᠤ ᠪᠠᠷ ᠰᠢᠯᠭᠠᠨ ᠦᠨᠡᠯᠡᠬᠦ᠂ ᠠᠰᠠᠭᠤᠯᠲᠠ ᠪᠠᠷ ᠪᠠᠶᠢᠴᠠᠭᠠᠯᠲᠠ ᠬᠢᠬᠦ᠂ ᠲᠤᠬᠠᠶ ᠶᠢᠨ ᠲᠠᠯᠠᠪᠠᠶ ᠳᠤ ᠰᠤᠷᠪᠤᠯᠵᠢᠯᠠᠭ᠎ᠠ ᠬᠢᠵᠦ᠂ ᠬᠠᠶᠢᠷᠤᠪ ᠤᠨ ᠲᠣᠬᠤᠶ ᠲᠣᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠶ ᠲᠠᠨ ᠤ ᠬᠠᠮᠢᠶ᠎ᠠ ᠪᠥᠬᠦᠶ ᠲᠥᠷᠥᠭᠳᠡᠯ ᠵᠢᠴᠢ ᠬᠠᠨᠤᠮᠵᠢ ᠶᠢᠨ ᠬᠡᠮᠵᠢᠶ᠎ᠡ ᠶᠢ ᠯᠠᠪᠯᠠᠨ ᠠᠰᠠᠭᠤᠬᠤ ᠳᠤ᠂ ᠢᠳᠡᠪᠬᠢᠲᠡᠶ ᠬᠠᠷᠢᠭᠤ ᠲᠤᠰᠬᠠᠵᠤ᠂ ᠶᠡᠭᠡ ᠪᠠᠷ ᠳᠡᠮᠵᠢᠵᠦ᠂ ᠬᠠᠶᠢᠷᠤᠪ ᠤᠨ ᠲᠣᠬᠤᠶ ᠲᠣᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠰᠢᠨ᠎ᠡ ᠣᠶᠤᠨ ᠤᠬᠠᠭᠠᠨ ᠢ ᠨᠢ ᠨᠢᠭᠲᠠᠷᠠᠭᠤᠯᠵᠤ᠂ ᠰᠢᠨ᠎ᠡ ᠴᠢᠳᠠᠮᠵᠢ ᠶᠢ ᠨᠢ ᠬᠥᠭᠵᠢᠭᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ︕      ᠢᠳᠡᠪᠬᠢᠲᠡᠶ ᠪᠠᠷ ᠠᠩᠬᠠᠷᠴᠤ᠂ ᠢᠳᠡᠪᠬᠢᠲᠡᠶ ᠪᠠᠷ ᠤᠬᠠᠭᠤᠯᠬᠤ ᠬᠡᠷᠡᠭᠲᠡᠢ᠃ ᠥᠷᠭᠡᠨ ᠤᠯᠠᠨ ᠰᠠᠭᠤᠭᠠᠯᠢ ᠠᠷᠠᠳ ᠨᠥᠬᠦᠳ ᠮᠠᠨ ᠤ ᠲᠤᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠠᠷᠭ᠎ᠠ ᠬᠢᠳᠡᠯ᠂ ᠰᠢᠨ᠎ᠡ ᠦᠷ᠎ᠡ ᠪᠦᠲᠦᠮᠵᠢ ᠶᠢ ᠤᠬᠠᠭᠤᠯᠬᠤ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃ ᠮᠠᠨ ᠤ ᠲᠤᠭᠤᠷᠢᠭ ᠤᠨ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠭᠦᠢᠴᠡᠳᠬᠡᠬᠦ᠂ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠨᠠᠩ ᠳᠥᠭᠦᠮ ᠳᠥᠲᠡ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠪᠥᠭᠡᠳ ᠬᠠᠤᠯᠢ ᠶᠣᠰᠣᠨ ᠳᠤ ᠨᠡᠶᠢᠴᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠵᠡᠷᠭᠡ ᠠᠵᠢᠯ ᠳᠤ ᠴᠥᠮ ᠲᠠ ᠨᠠᠷ ᠤᠨ ᠠᠩᠬᠠᠷᠤᠯ ᠪᠠ ᠤᠬᠠᠭᠤᠯᠭ᠎ᠠ ᠠᠴᠠ ᠰᠠᠯᠵᠤ ᠴᠢᠳᠠᠬᠤ ᠥᠬᠡᠶ ᠶᠤᠮ᠃ ᠲᠠ ᠪᠢᠳᠡᠨ ᠤ ᠡᠩᠨᠡᠭᠡ ᠳᠤ ᠣᠷᠣᠯᠴᠠᠵᠤ᠂ ᠮᠠᠨ ᠤ ᠲᠤᠭᠤᠷᠢᠭ ᠤᠨ ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠤᠢ ᠪᠣᠯᠭᠠᠬᠤ ᠳᠤ ᠡᠷᠬᠢᠮ ᠨᠠᠨᠳᠢᠨ ᠬᠦᠴᠦᠨ ᠴᠢᠳᠠᠯ ᠢᠶᠠᠨ ᠡᠷᠭᠦᠭᠡᠷᠡᠢ︕       ᠡᠷᠡᠰ ᠬᠠᠮᠠᠭᠠᠯᠠᠵᠤ᠂ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠬᠡᠷᠡᠭᠲᠡᠢ᠃ ᠥᠷᠭᠡᠨ ᠤᠯᠠᠨ ᠰᠠᠭᠤᠭᠠᠯᠢ ᠠᠷᠠᠳ ᠤᠨ ᠨᠠᠶᠢᠵᠠ ᠨᠠᠷ ᠡᠵᠡᠨ ᠬᠥᠮᠦᠨ ᠤ ᠣᠪᠣᠷ ᠢᠶᠠᠷ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠡᠶᠢᠭᠡᠮ ᠤᠨ ᠬᠢᠨᠠᠯᠲᠠ ᠲᠠᠯᠪᠢᠬᠤ ᠵᠡᠷᠭᠡ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠬᠦᠰᠡᠵᠦ ᠪᠠᠶᠢᠨ᠎ᠠ᠃ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠵᠥᠷᠢᠴᠡᠭᠰᠡᠨ ᠠᠯᠢᠪᠠ ᠠᠵᠢᠯᠯᠠᠭ᠎ᠠ ᠳᠤ ᠵᠣᠷᠢᠭᠲᠠᠢ ᠪᠠᠷ ᠰᠡᠯᠡᠮ᠎ᠡ ᠭᠠᠷᠭᠠᠵᠤ᠂ ᠰᠠᠨᠠᠭᠠᠴᠢᠯᠠᠭ᠎ᠠ ᠠᠴᠠ ᠪᠠᠨ ᠳᠠᠭᠤ ᠭᠠᠷᠭᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠳᠬᠠᠬᠤ ᠡᠨᠡᠬᠦ ᠬᠠᠤᠯᠢᠵᠢᠯ ᠤᠨ ᠥᠷᠲᠡᠭ ᠤᠨ ᠬᠥᠭᠡᠭᠡᠴᠡᠯᠳᠦᠯ ᠢ ᠪᠠᠲᠤᠳᠬᠠᠨ᠎ᠠ᠃ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠭᠡᠷ᠎ᠡ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠬᠠᠮᠠᠭᠠᠯᠠᠵᠤ᠂ ᠠᠵᠢᠯ ᠶᠠᠪᠤᠳᠠᠯ ᠭᠦᠢᠴᠡᠳᠬᠡᠬᠦ ᠳᠤ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠦᠢᠯᠡ ᠠᠵᠢᠯᠯᠠᠭ᠎ᠠ ᠶᠢᠨ ᠳᠠᠳᠬᠠᠯ ᠢ ᠪᠤᠢ ᠪᠣᠯᠭᠠᠨ᠎ᠠ᠃ ᠬᠠᠤᠯᠢ ᠪᠠᠷ ᠵᠠᠰᠠᠬᠤ ᠶᠢ ᠮᠠᠨ ᠤ ᠬᠥᠮᠦᠨ ᠨᠢᠭᠡᠪᠦᠷᠢ ᠶᠢᠨ ᠨᠡᠶᠢᠭᠡᠮ ᠤᠨ ᠬᠠᠮᠲᠤ ᠶᠢᠨ ᠲᠠᠨᠢᠯᠲᠠ ᠪᠠ ᠦᠨᠳᠦᠰᠦᠨ ᠪᠠᠷᠢᠮᠵᠢᠶ᠎ᠠ ᠪᠣᠯᠭᠠᠵᠤ᠂ ᠲᠠᠨ ᠤ ᠣᠷᠣᠯᠴᠠᠬᠤ ᠪᠠ ᠪᠠᠷᠢᠮᠲᠠᠯᠠᠬᠤ ᠶᠢ ᠱᠠᠭᠠᠷᠳᠠᠨ᠎ᠠ᠃      ᠰᠠᠭᠤᠭᠠᠯᠢ ᠠᠷᠠᠳ ᠨᠠᠶᠢᠵᠠ ᠨᠠᠷ ᠡ᠂ ᠪᠢᠳᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠷᠣᠯᠴᠠᠭᠴᠢ᠂ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢᠨ ᠳᠡᠮᠵᠢᠭᠴᠢ᠂ ᠤᠬᠠᠭᠤᠯᠤᠭᠴᠢ ᠪᠣᠯᠬᠤ ᠪᠠᠷ ᠴᠢᠷᠮᠠᠶᠢᠵᠤ᠂ ᠬᠠᠤᠯᠢᠵᠢᠯ ᠤᠨ ᠭᠧᠨ ᠢ ᠮᠠᠨ ᠤ ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ ᠳᠤ ᠦᠨᠳᠦᠰᠦᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠃     ᠲᠤᠮᠳᠠᠲᠤ ᠣᠯᠣᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠬᠤᠷᠢᠶ᠎ᠠ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠦᠪᠯᠡᠯ ᠤᠨ ᠠᠯᠪᠠᠨ ᠭᠡᠷ                         2023 ᠣᠨ ᠤ 5 ᠰᠠᠷ᠎ᠠ ᠶᠢᠨ 6᠎ ᠤ ᠡᠳᠦᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号