ᠥᠨᠥᠳᠥᠷ ᠪᠢᠳᠡ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠳᠤ ᠣᠷᠣᠪᠠ︕
ᠨᠡᠶᠢᠲᠡᠯᠡᠭᠰᠡᠨ ᠴᠠᠭ᠄
2023/5/6
       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠰᠤᠷᠤᠯᠴᠠᠵᠤ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠴᠢᠩᠭ᠎ᠠ ᠵᠠᠰᠠᠬᠤ ᠠᠯᠬᠤᠮ ᠢ ᠎ ᠨᠢ ᠲᠠᠭᠠᠨ᠂ ᠨᠠᠮ ᠤᠨ ᠪᠡᠯᠡᠳᠬᠡᠯ ᠴᠡᠷᠢᠭ ᠤᠨ ᠬᠦᠴᠦᠨ ᠢᠶᠠᠨ ᠪᠠᠲᠤᠳᠬᠠᠵᠤ᠂ ᠡᠪᠯᠡᠯ ᠤᠨ ᠭᠡᠰᠢᠭᠦᠨ ᠤ ᠲᠡᠷᠢᠭᠦᠨ ᠤ ᠴᠢᠨᠠᠷ ᠪᠠ ᠢᠷᠠᠭᠤ ᠠᠯᠳᠠᠷᠲᠤ ᠰᠡᠳᠬᠢᠯᠭᠡ ᠶᠢ ᠨᠢ ᠦᠨᠡᠨ ᠬᠦ ᠨᠡᠮᠡᠭᠳᠡᠭᠦᠯᠬᠦ ᠶᠢᠨ ᠲᠥᠯᠥᠭᠡ᠂ 5 ᠰᠠᠷ᠎ᠠ ᠶᠢᠨ 4᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ 7 ᠳᠤᠮᠳᠠᠳᠤ ᠰᠤᠷᠭᠠᠭᠤᠯᠢ ᠳᠤ ᠰᠢᠨ᠎ᠡ ᠡᠪᠯᠡᠯ ᠤᠨ ᠭᠡᠰᠢᠭᠦᠨ ᠤ ᠡᠪᠯᠡᠯ ᠳᠤ ᠣᠷᠣᠬᠤ ᠶᠣᠰᠣᠯᠠᠯ ᠢ ᠥᠷᠨᠢᠭᠦᠯᠵᠦ᠂ ᠨᠡᠶᠢᠲᠡ 228 ᠵᠠᠯᠠᠭᠤᠴᠤᠳ ᠪᠠᠭᠠᠴᠤᠳ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠳᠤ ᠢᠷᠠᠭᠤ ᠠᠯᠳᠠᠷ ᠲᠠᠢ ᠪᠠᠷ ᠣᠷᠣᠪᠠ᠃      ᠬᠠᠶᠢᠷᠤᠪ ᠤᠨ ᠲᠣᠬᠤᠢ ᠲᠣᠭᠤᠷᠢᠭ ᠤᠨ ᠬᠠᠷᠢᠶ᠎ᠠ ᠳᠤᠮᠳᠠᠳᠤ ᠰᠤᠷᠭᠠᠭᠤᠯᠢ ᠶᠡᠷᠦ ᠠᠴᠠ ︽ᠳᠤᠮᠳᠠᠳᠤ ᠤᠯᠤᠰ ᠤᠨ ᠡᠪ ᠬᠠᠮᠲᠤ ᠶᠣᠰᠣᠨ ᠤ ᠵᠠᠯᠠᠭᠤᠴᠤᠳ ᠤᠨ ᠡᠪᠯᠡᠯ ᠤᠨ ᠬᠥᠭᠵᠢᠯᠲᠡ ᠶᠢᠨ ᠡᠪᠯᠡᠯ ᠤᠨ ᠭᠡᠰᠢᠭᠦᠨ ᠤ ᠠᠵᠢᠯ ᠤᠨ ᠨᠠᠷᠢᠨ ᠳᠦᠷᠢᠮ︾᠎ ᠤᠨ ᠱᠠᠭᠠᠷᠳᠠᠯᠭ᠎ᠠ ᠶᠣᠰᠣᠭᠠᠷ᠂ ᠡᠪᠯᠡᠯ ᠤᠨ ᠭᠡᠰᠢᠭᠦᠨ ᠢᠶᠠᠨ ᠵᠢᠷᠤᠮᠵᠢᠭᠤᠯᠤᠨ ᠬᠥᠭᠵᠢᠭᠦᠯᠵᠦ᠂ ᠡᠪᠯᠡᠯ ᠳᠤ ᠣᠷᠣᠬᠤ ᠢᠳᠡᠪᠬᠢᠲᠡᠨ ᠢ 3 ᠰᠠᠷ᠎ᠠ ᠠᠴᠠ ᠳᠡᠭᠡᠭᠰᠢ ᠬᠥᠮᠦᠵᠢᠭᠦᠯᠦᠨ ᠬᠥᠮᠦᠵᠢᠭᠦᠯᠵᠦ᠂ ᠡᠪᠯᠡᠯ ᠳᠤ ᠣᠷᠣᠬᠤ ᠢᠳᠡᠪᠬᠢᠲᠡᠨ ᠢ 8 ᠬᠢᠴᠢᠶᠡᠯ ᠤᠨ ᠴᠠᠭ ᠠᠴᠠ ᠳᠤᠲᠠᠭᠤ ᠦᠭᠡᠢ ᠡᠪᠯᠡᠯ ᠤᠨ ᠬᠢᠴᠢᠶᠡᠯ ᠤᠨ ᠰᠤᠷᠤᠯᠴᠠᠯᠭ᠎ᠠ ᠳᠤ ᠣᠷᠣᠯᠴᠠᠭᠤᠯᠬᠤ ᠶᠢᠨ ᠬᠠᠮᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠶᠢᠳᠠᠯ ᠢ ᠨᠢ ᠡᠪᠯᠡᠯ ᠳᠤ ᠣᠷᠣᠭᠤᠯᠬᠤ ᠴᠢᠬᠤᠯᠠ ᠰᠢᠨᠵᠢᠯᠡᠨ ᠪᠠᠶᠢᠴᠠᠭᠠᠬᠤ ᠠᠭᠤᠯᠭ᠎ᠠ ᠪᠣᠯᠭᠠᠪᠠ᠃      ︽ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠳᠤ ᠣᠷᠣᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠡᠪᠯᠡᠯ ᠤᠨ ᠲᠦᠷᠢᠮ ᠢ ᠰᠠᠬᠢᠵᠤ᠂ ᠡᠪᠯᠡᠯ ᠤᠨ ᠰᠢᠢᠳᠪᠦᠷᠢ ᠶᠢ ᠬᠡᠷᠡᠭᠵᠢᠭᠦᠯᠵᠦ᠂ ᠡᠪᠯᠡᠯ ᠤᠨ ᠭᠡᠰᠢᠭᠦᠨ ᠤ ᠡᠭᠦᠷᠭᠡ ᠶᠢ ᠭᠦᠢᠴᠡᠳᠬᠡᠵᠦ᠂ ᠡᠪᠯᠡᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠢᠷᠭᠠᠭᠤ ᠬᠠᠲᠠᠭᠤᠵᠢᠯᠲᠠᠢ ᠰᠤᠷᠤᠯᠴᠠᠵᠤ᠂ ᠢᠳᠡᠪᠬᠢᠲᠡᠢ ᠠᠵᠢᠯᠯᠠᠵᠤ᠂ ᠵᠣᠪᠠᠭᠤᠷᠢ ᠵᠦᠳᠡᠭᠦᠷᠢ ᠶᠢ ᠤᠷᠢᠳᠠᠪᠠᠷ ᠠᠮᠰᠠᠵᠤ᠂ ᠡᠪ ᠬᠠᠮᠲᠤ ᠶᠣᠰᠣᠨ ᠤ ᠦᠢᠯᠡᠰ ᠤᠨ ᠲᠥᠯᠥᠭᠡ ᠲᠡᠮᠡᠴᠡᠨ᠎ᠡ︕︾ ᠭᠡᠵᠦ ᠬᠡᠯᠡᠪᠡ᠃ ᠲᠥᠪ ᠴᠢᠩᠭ᠎ᠠ ᠪᠠᠷ ᠲᠠᠩᠭᠠᠷᠢᠭᠯᠠᠬᠤ ᠨᠢ ᠡᠪᠯᠡᠯ ᠤᠨ ᠭᠡᠰᠢᠭᠦᠨ ᠤ ᠢᠲᠡᠭᠡᠯ ᠵᠣᠷᠢᠭ ᠢ ᠨᠢ ᠢᠯᠡᠷᠡᠭᠦᠯᠪᠡ᠃      ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠵᠠᠮ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠬᠤᠰᠢᠭᠤᠴᠢ ᠠᠩᠬᠢ᠂ ᠡᠪ ᠬᠠᠮᠲᠤ ᠵᠠᠯᠠᠭᠤᠴᠤᠳ ᠤᠨ ᠡᠪᠯᠡᠯ ᠪᠣᠯ ᠭᠠᠪᠰᠢᠭᠠᠢ ᠠᠩᠬᠢ᠂ ᠪᠠᠭᠠᠴᠤᠳ ᠤᠨ ᠬᠤᠰᠢᠭᠤᠴᠢ ᠠᠩᠬᠢ ᠪᠣᠯ ᠪᠡᠯᠡᠳᠬᠡᠯ ᠠᠩᠬᠢ ᠪᠣᠯᠤᠨ᠎ᠠ᠃ ᠪᠠᠭᠠᠴᠤᠤᠡ ᠤᠨ ᠬᠤᠰᠢᠭᠤᠴᠢ ᠠᠩᠬᠢ ᠳᠤ ᠣᠷᠣᠬᠤ᠂ ᠡᠪᠯᠡᠯ ᠳᠤ ᠣᠷᠣᠬᠤ᠂ ᠨᠠᠮ ᠳᠤ ᠣᠷᠣᠬᠤ ᠪᠣᠯ ᠵᠠᠯᠠᠭᠤᠴᠤᠳ ᠤᠨ ᠤᠯᠤᠰ ᠲᠦᠷᠦ ᠶᠢᠨ ᠲᠠᠪᠰᠢᠯᠳᠠ ᠶᠢ ᠬᠥᠭᠡᠭᠡᠴᠡᠯᠳᠦᠬᠦ ︽ᠬᠥᠮᠦᠨ ᠤ ᠠᠮᠢᠳᠤᠷᠠᠯ ᠤᠨ ᠭᠤᠷᠪᠠᠨ ᠠᠯᠬᠤᠮ︾ ᠮᠥᠨ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠪᠦᠬᠦ ᠡᠪᠯᠡᠯ ᠤᠨ ᠠᠩᠬᠢ ᠳᠠᠭᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠢᠴᠡᠳᠬᠡᠵᠦ᠂ ᠪᠠᠭᠠᠴᠤᠳ ᠤᠨ ᠬᠤᠰᠢᠭᠤᠴᠢ ᠠᠩᠬᠢ ᠶᠢᠨ ᠡᠪᠯᠡᠯ ᠳᠤ ᠰᠢᠯᠢᠳᠡᠭ ᠢ ᠨᠢ ᠲᠠᠨᠢᠯᠴᠠᠭᠤᠯᠤᠨ ᠡᠪᠯᠡᠯ ᠳᠤ ᠣᠷᠣᠭᠤᠯᠬᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢᠳᠡᠭ ᠨᠠᠮ ᠢ ᠠᠬᠢᠭᠤᠯᠬᠤ ᠠᠵᠢᠯ ᠤᠨ ᠲᠣᠭᠲᠠᠴᠠ ᠶᠢ ᠵᠢᠷᠤᠮᠵᠢᠭᠤᠯᠤᠨ ᠴᠢᠩᠭᠠᠳᠬᠠᠵᠤ᠂ ᠨᠠᠮ᠂ ᠡᠪᠯᠡᠯ᠂ ᠪᠠᠭᠠᠴᠤᠤᠡ ᠤᠨ ᠬᠤᠰᠢᠭᠤᠴᠢ ᠠᠩᠬᠢ ᠶᠢᠨ ᠬᠥᠮᠦᠨ ᠬᠥᠮᠦᠵᠢᠭᠦᠯᠬᠦ ᠬᠡᠯᠬᠢᠶ᠎ᠡ ᠶᠢ ᠬᠠᠷᠢᠯᠴᠠᠨ ᠵᠤᠯᠭᠠᠭᠤᠯᠬᠤ᠂ ᠬᠠᠷᠢᠯᠴᠠᠨ ᠨᠡᠪᠲᠡᠷᠡᠯᠴᠡᠭᠦᠯᠬᠦ ᠪᠠᠨ ᠬᠦᠴᠦᠯᠡᠨ ᠠᠬᠢᠭᠤᠯᠵᠤ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠳᠡᠶᠢᠯᠬᠦ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠢ ᠬᠦᠴᠦᠯᠡᠨ ᠬᠥᠮᠦᠵᠢᠭᠦᠯᠦᠨ᠎ᠡ︕

1683250792460075067.jpg

1683250837110032165.jpg

   

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号