ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠴᠡᠴᠡᠷᠯᠢᠭ ᠡᠷᠬᠢᠯᠡᠬᠦ ᠠᠵᠢᠯᠯᠠᠭ᠎ᠠ ᠶᠢ ᠨᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/6/14
      ᠴᠡᠴᠡᠷᠯᠢᠭ ᠡᠷᠬᠢᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠬᠡᠤᠬᠡᠳ ᠤᠨ ᠴᠡᠴᠡᠷᠯᠢᠭ ᠤᠨ ᠡᠯ᠎ᠡ ᠵᠤᠶᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠤᠬᠡᠳ ᠤᠨ ᠴᠡᠴᠡᠷᠯᠢᠭ ᠤᠨ ᠨᠠᠩ ᠲᠦᠷᠭᠡᠨ ᠨᠠᠩ ᠰᠠᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠤᠯᠭ᠎ᠠ ᠶᠢᠨ ᠡᠮᠦᠨᠡᠬᠢ ᠥᠷᠥᠭᠡ ᠬᠠᠶᠢᠷᠤᠪ ᠤᠨ ᠲᠣᠬᠤᠶ ᠲᠣᠭᠤᠷᠢᠭ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠤᠶᠢᠯᠡᠴᠢᠯᠡᠭᠡᠨ ᠤ ᠲᠥᠪ ᠲᠠᠢ ᠬᠠᠮᠲᠤᠷᠠᠨ ᠶᠢᠰᠦᠳᠦᠭᠡᠷ ᠬᠡᠤᠬᠡᠳ ᠤᠨ ᠴᠡᠴᠡᠷᠯᠢᠭ᠂ ᠠᠯᠲᠠᠨ ᠰᠢᠷᠭᠠᠯ ᠥᠯᠥᠭᠡᠶ ᠬᠡᠤᠬᠡᠳ ᠤᠨ ᠴᠡᠴᠡᠷᠯᠢᠭ᠂ ᠳ᠋ᠦᠩ ᠹᠠᠩ ᠬᠤᠩ ᠬᠡᠤᠬᠡᠳ ᠤᠨ ᠴᠡᠴᠡᠷᠯᠢᠭ᠂ ᠳ᠋ᠦᠩ ᠹᠠᠩ ᠬᠤᠩ ᠴᠦᠨ ᠬᠤᠸᠠ ᠬᠡᠤᠬᠡᠳ ᠤᠨ ᠴᠡᠴᠡᠷᠯᠢᠭ ᠲᠤ ᠴᠡᠴᠡᠷᠯᠢᠭ ᠡᠷᠭᠢᠯᠡᠬᠦ ᠤᠶᠢᠯᠡ ᠠᠵᠢᠯᠯᠠᠭ᠎ᠠ ᠶᠢ ᠨᠢ ᠬᠢᠨᠠᠨ ᠵᠢᠯᠣᠭᠤᠳᠴᠤ ᠪᠠᠶᠢᠴᠠᠭᠠᠪᠠ᠃      ᠰᠢᠮᠳᠠᠭᠤᠯᠤᠨ ᠪᠠᠶᠢᠴᠠᠭᠠᠬᠤ ᠠᠵᠢᠯᠲᠠᠳ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠯᠠᠪᠯᠠᠨ ᠠᠰᠠᠭᠤᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠤᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠨᠥᠬᠦᠴᠡᠯ᠂ ᠠᠮᠤᠷ ᠲᠦᠪᠰᠢᠨ ᠡᠷᠡᠭᠦᠯ ᠬᠠᠮᠠᠭᠠᠯᠠᠯ᠂ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ᠂ ᠪᠠᠭᠰᠢ ᠠᠵᠢᠯᠲᠠᠨ ᠤ ᠡᠩᠨᠡᠭᠡ᠂ ᠳᠣᠲᠣᠭᠠᠳᠤ ᠶᠢᠨ ᠬᠠᠮᠢᠶᠠᠷᠤᠯᠲᠠ ᠵᠡᠷᠭᠡ ᠲᠠᠪᠤᠨ ᠲᠠᠯ᠎ᠠ ᠪᠠᠷ ᠪᠥᠬᠦ ᠲᠠᠯ᠎ᠠ ᠪᠠᠷ᠂ ᠨᠠᠷᠢᠨ ᠬᠢᠨᠠᠮᠠᠭᠠᠶ ᠪᠠᠶᠢᠴᠠᠭᠠᠵᠤ᠂ ᠡᠯ᠎ᠡ ᠬᠡᠤᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠪᠠ᠃ ᠬᠡᠦᠬᠡᠳ ᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠰᠠᠨᠠᠭᠤᠯᠭ᠎ᠠ ᠳᠤᠷᠠᠳᠴᠤ ᠵᠢᠭᠠᠨ ᠵᠢᠯᠣᠭᠤᠳᠬᠤ ᠬᠡᠷᠡᠭᠲᠡᠶ᠃ ᠡᠯ᠎ᠡ ᠬᠡᠤᠬᠡᠳ ᠤᠨ ᠴᠡᠴᠡᠷᠯᠢᠭ ᠡᠷᠬᠡᠪᠰᠢ ᠭᠦᠢᠴᠡᠤᠡᠭᠡᠯ ᠲᠤᠭ᠎ᠠ ᠲᠠᠢ ᠬᠠᠷᠢᠴᠠᠭᠤᠯᠤᠨ ᠣᠷᠣᠰᠢᠵᠤ ᠪᠠᠶᠢᠭ᠎ᠠ ᠳᠤᠲᠠᠭᠤᠳᠠᠯ ᠪᠣᠯᠤᠨ ᠪᠠᠭᠤᠷᠠᠶ ᠭᠤᠭᠴᠤᠭ᠎ᠠ ᠶᠢ ᠵᠤᠶᠢᠯ ᠳᠠᠷᠠᠭᠠᠯᠠᠨ ᠪᠠᠶᠢᠴᠠᠭᠠᠨ ᠵᠠᠳᠠᠯᠵᠤ᠂ ᠪᠣᠳᠠᠲᠠᠶ ᠠᠷᠭ᠎ᠠ ᠬᠡᠮᠵᠢᠶ᠎ᠡ ᠠᠪᠴᠤ ᠣᠷᠣᠰᠢᠵᠤ ᠪᠠᠶᠢᠭ᠎ᠠ ᠠᠰᠠᠭᠤᠳᠠᠯ ᠢ ᠨᠢ ᠰᠢᠢᠤᠡᠪᠤᠷᠢᠯᠡᠵᠤ᠂ ᠡᠯ᠎ᠡ ᠵᠤᠶᠢᠯ ᠤᠨ ᠠᠵᠢᠯ ᠤᠨ ᠪᠦᠲᠦᠮᠵᠢᠲᠡᠶ ᠥᠷᠨᠢᠬᠦ ᠶᠢ ᠎ ᠨᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠᠨ ᠪᠠᠷᠢᠮᠲᠠᠯᠠᠵᠤ᠂ ᠬᠡᠤᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠦᠢᠯᠡ ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢᠶᠠᠨ ᠴᠢᠩᠭ᠎ᠠ ᠠᠳᠬᠤᠵᠤ᠂ ᠡᠯ᠎ᠡ ᠲᠥᠷᠥᠯ ᠤᠨ ᠬᠡᠤᠬᠡᠳ ᠤᠨ ᠴᠡᠴᠡᠷᠯᠢᠭ ᠢ ᠵᠢᠷᠤᠮᠵᠢᠭᠤᠯᠤᠨ ᠴᠡᠴᠡᠷᠯᠢᠭ ᠡᠷᠬᠢᠯᠡᠬᠦ ᠶᠢ ᠦᠨᠡᠨᠬᠦ ᠪᠠᠲᠤᠯᠠᠵᠤ᠂ ᠮᠠᠨ ᠤ ᠲᠤᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠪᠠᠨ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号