ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ ᠠᠵᠤ ᠠᠬᠤᠢ ᠶᠢᠨ ᠠᠵᠢᠯᠯᠠᠭᠠᠨ ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/14
      6 ᠰᠠᠷ᠎ᠠ ᠶᠢᠨ 12᠎ ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠠᠵᠤ ᠠᠬᠤᠢ ᠶᠢᠨ ᠠᠵᠢᠯᠯᠠᠭᠠᠨ ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      ᠼᠦᠢ ᠵᠢᠩ ᠶᠢᠩ ᠨᠡᠷ ᠶᠢᠨ ᠷᠦᠩ ᠪᠠᠢ ᠴᠤᠸᠠᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ᠂ ᠸᠠᠨ ᠴᠢ ᠵᠢᠩ ᠬᠤᠸᠠ ᠨᠡᠭᠦᠷᠡᠰᠦᠨ ᠠᠭᠤᠷᠬᠠᠢ᠂ ᠬᠠᠳᠤᠨ ᠭᠤᠣᠯ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠶᠤᠸᠠᠨ ᠲᠦᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ᠂ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠠᠵᠤ ᠠᠬᠤᠢ ᠶᠢᠨ ᠪᠠᠶᠢᠳᠠᠯ ᠢᠶᠠᠨ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠤᠳᠤᠯᠵᠤ ᠮᠠᠭᠠᠳᠯᠠᠵᠤ᠂ ᠡᠯ᠎ᠡ ᠠᠵᠢᠯ ᠲᠦᠷᠦᠯ ᠤᠨ ᠬᠦᠷᠢᠶᠡᠨ ᠤ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠵᠤ ᠠᠬᠤᠢ ᠶᠢᠨ ᠠᠵᠢᠯᠯᠠᠭᠠᠨ ᠤ ᠵᠣᠬᠢᠰᠲᠠᠢ ᠬᠡᠪᠴᠢᠶᠡᠨ ᠳᠤ ᠪᠠᠶᠢᠬᠤ ᠪᠠᠨ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠬᠡᠷᠡᠭᠲᠡᠢ᠃ ᠨᠡᠭᠦᠷᠡᠰᠦ ᠤᠬᠢᠶᠠᠵᠤ ᠰᠢᠯᠢᠬᠦ ᠠᠵᠢᠯ ᠲᠦᠷᠦᠯ ᠤᠨ ᠡᠭᠴᠡᠯᠡᠨ ᠨᠡᠶᠢᠳᠬᠡᠬᠦ᠂ ᠬᠡᠦᠷᠰᠢᠭᠦᠯᠬᠦ ᠠᠵᠤ ᠦᠢᠯᠡᠰ ᠢ ᠨᠡᠶᠢᠳᠬᠡᠵᠦ ᠲᠠᠬᠢᠨ ᠵᠣᠬᠢᠶᠠᠨ ᠪᠠᠶᠢᠭᠤᠯᠵᠤ ᠲᠡᠰ ᠳᠡᠪᠰᠢᠭᠦᠯᠬᠦ ᠪᠠᠨ ᠲᠦᠷᠭᠡᠳᠬᠡᠨ ᠠᠬᠢᠭᠤᠯᠵᠤ᠂ ᠨᠡᠶᠢᠳᠬᠡᠬᠦ ᠠᠵᠢᠯ ᠤᠨ ᠦᠨᠡᠨ ᠪᠣᠳᠠᠲᠠᠢ ᠠᠬᠢᠴᠠ ᠲᠠᠢ ᠪᠣᠯᠬᠤ ᠶᠢ ᠨᠢ ᠪᠠᠲᠤᠯᠠᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠲᠡᠰᠢ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠵᠠᠬ᠎ᠠ ᠳᠡᠯᠭᠡᠭᠦᠷ ᠢᠶᠠᠨ ᠢᠳᠡᠪᠬᠢᠲᠡᠢ ᠨᠡᠭᠡᠭᠡᠵᠦ᠂ ᠲᠤᠰ ᠪᠡᠶ᠎ᠡ ᠶᠢᠨ ᠬᠡᠪᠴᠢᠶᠡᠵᠢᠯ ᠪᠣᠳᠠᠲᠤ ᠬᠦᠴᠦᠨ ᠢᠶᠠᠨ ᠲᠠᠰᠤᠷᠠᠯᠲᠠ ᠦᠭᠡᠢ ᠪᠤᠵᠠᠭᠠᠶᠢᠷᠠᠭᠤᠯᠬᠤ ᠶᠢᠨ ᠬᠠᠮᠲᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠲᠤ ᠪᠤᠢ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢᠶᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠠᠢ᠃      ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠼᠦᠢ ᠵᠢᠩ ᠶᠢᠩ ᠲᠦᠷᠦᠯ ᠵᠦᠢᠯ ᠤᠨ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠵᠠᠮ᠂ ᠤᠯᠠᠭ᠎ᠠ ᠦᠷᠳᠡᠭᠡ᠂ ᠦᠵᠡᠮᠵᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠣᠭᠤᠭᠠᠷᠠᠭᠤᠯᠤᠯᠲᠠ ᠶᠢᠨ ᠵᠠᠮ ᠢ ᠲᠣᠭᠲᠠᠭᠰᠠᠨ ᠬᠤᠭᠤᠴᠠᠭᠠᠨ ᠳᠤ ᠪᠦᠬᠦ ᠱᠤᠭᠤᠮ ᠢᠶᠠᠷ ᠨᠡᠪᠲᠡᠷᠡᠭᠦᠯᠬᠦ ᠶᠢ ᠪᠠᠲᠤᠯᠠᠵᠤ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ ᠬᠥᠳᠡᠭᠡ ᠠᠵᠤ ᠠᠬᠤᠢ ᠶᠢᠨ ᠵᠤᠭᠠᠴᠠᠯ ᠤᠨ ᠪᠦᠰᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠬᠡᠯᠡᠪᠡ᠃ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠤᠨ ᠦᠢᠯᠡᠳᠬᠦᠨ ᠤ ᠬᠠᠩᠭᠠᠯᠭ᠎ᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠵᠡᠷᠭᠡ ᠠᠵᠢᠯ ᠢᠶᠠᠨ ᠰᠠᠶᠢᠲᠤᠷ ᠬᠢᠵᠦ᠂ ᠲᠦᠷᠦᠯ ᠵᠦᠢᠯ ᠳᠤ ᠨᠡᠩ ᠤᠯᠠᠨ ᠬᠥᠮᠦᠨ ᠤ ᠬᠦᠷᠢᠶᠡᠯᠡᠯ ᠢ ᠤᠯᠬᠤ ᠬᠤᠳᠠᠯᠳᠤᠭᠠᠨ ᠤ ᠠᠵᠠ ᠲᠣᠬᠢᠶᠠᠯ ᠢ ᠨᠢ ᠬᠤᠷᠠᠮᠳᠤᠭᠤᠯᠬᠤ ᠬᠡᠷᠡᠭᠲᠡᠢ᠃ ᠴᠡᠭ ᠢᠶᠠᠷ ᠱᠤᠭᠤᠮ ᠢ ᠳᠠᠶᠢᠴᠢᠯᠠᠬᠤ᠂ ᠱᠤᠭᠤᠮ ᠢᠶᠠᠷ ᠬᠡᠪᠴᠢᠶ᠎ᠡ ᠶᠢ ᠥᠷᠭᠡᠳᠬᠡᠬᠦ᠂ ᠨᠡᠶᠢᠳᠡᠮ ᠳᠤᠨᠢ ᠵᠠᠯᠭᠠᠯᠳᠤᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠪᠠᠨ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠯ ᠤᠨ ᠰᠢᠯᠢᠳᠡᠭᠵᠢᠬᠦ᠂ ᠣᠨᠴᠠᠯᠢᠭᠵᠢᠬᠤ᠂ ᠬᠡᠪᠴᠢᠶᠡᠵᠢᠬᠦ ᠪᠠᠨ ᠠᠬᠢᠭᠤᠯᠬᠤ ᠬᠡᠷᠡᠭᠲᠡᠢ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号