ᠵᠠᠰᠠᠭ ᠤᠨ ᠣᠷᠳᠣᠨ ᠤ ᠠᠯᠪᠠᠨ ᠮᠡᠳᠡᠭᠡ 2023 ᠣᠨ ᠤ 4 ᠳ᠋ᠦ᠋ᠭᠡᠷ ᠬᠤᠭᠤᠴᠠᠭ᠎ᠠ ︵ᠶᠡᠷᠣᠩᠬᠡᠢ 14 ᠳ᠋ᠦ᠋ᠭᠡᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2023/6/8
2023年第4期.jpg
ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠠᠵᠢᠯ ᠤᠨ ᠳᠦᠷᠢᠮ ᠲᠣᠭᠲᠠᠭᠠᠯ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠢᠵᠢ ᠪᠦᠷᠢᠳᠦᠭᠰᠡᠨ ᠳᠦᠷᠢᠮ ᠲᠣᠭᠲᠠᠭᠠᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ      ᠴᠡᠭᠡᠯ ᠠᠭᠤᠯᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠨᠢᠭᠡᠴᠡ ᠳᠤ᠄      ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠠᠵᠢᠯ ᠤᠨ ᠳᠦᠷᠢᠮᠯᠡᠯ︾᠂ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠳᠦᠷᠢᠮᠯᠡᠯ︾᠂ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠲᠦᠷᠢᠮ︾᠂ ︽ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠳᠦᠷᠢᠮ︾᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠪᠦᠬᠦ ᠶᠠᠪᠤᠴᠠ ᠶᠢ ᠲᠡᠮᠳᠡᠭᠯᠡᠬᠦ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠪᠠ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠲᠠᠪᠤᠨ ᠵᠦᠢᠯ ᠤᠨ ᠳᠦᠷᠢᠮ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠠᠶᠢᠷᠤᠪ ᠤᠨ ᠲᠣᠬᠤᠢ ᠲᠣᠭᠤᠷᠢᠭ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠠᠵᠢᠯ ᠤᠨ ᠵᠢᠯᠣᠭᠤᠳᠤᠯᠭ᠎ᠠ ᠳᠤ ᠬᠡᠷᠡᠭᠯᠡᠵᠡᠶ᠃        ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                       2023 ᠣᠨ ᠤ 7 ᠰᠠᠷ᠎ᠠ ᠶᠢᠨ 10᠎ ᠤ ᠡᠳᠦᠷᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ‌ᠨᠡᠶᠢᠲᠡ ᠣᠯᠠᠨ ᠢᠶᠠᠷ ᠢᠶᠠᠨ ᠣᠷᠣᠯᠴᠠᠬᠤ ᠠᠵᠢᠯ ᠤᠨ ᠳᠦᠷᠢᠮ ︵ᠲᠣᠷᠰᠢᠨ ᠬᠡᠷᠡᠭᠵᠢᠭᠦᠯᠬᠦ︶      ᠨᠢᠭᠡᠳᠦᠭᠡᠷ ᠵᠦᠢᠯ   ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠠᠵᠢᠯ ᠤᠨ ᠲᠦᠷᠢᠮ ᠢ ᠵᠢᠷᠤᠮᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯᠳᠤ ᠴᠢᠨᠠᠷ ᠪᠠ ᠬᠠᠤᠯᠢ ᠶᠣᠰᠣᠴᠢ ᠴᠢᠨᠠᠷ ᠢ ᠪᠠᠲᠤᠯᠠᠬᠤ ᠶᠢᠨ ᠲᠤᠰᠠᠳᠠ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠦᠷᠢᠮ ᠤᠨ ᠲᠦᠷ ᠬᠡᠷᠡᠭᠵᠢᠭᠦᠯᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶᠂ ︽ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠦᠷᠢᠮ︾ ᠵᠡᠷᠭᠡ ᠲᠣᠭᠲᠠᠭᠠᠯ ᠢ ᠦᠨᠳᠦᠰᠦᠯᠡᠨ᠂ ᠲᠣᠰ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃      ᠬᠤᠶᠠᠳᠤᠭᠠᠷ ᠵᠦᠢᠯ   ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠶᠢᠨ ᠣᠷᠣᠯᠴᠠᠬᠤ ᠠᠵᠢᠯ ᠳᠤ ᠲᠣᠰ ᠳᠦᠷᠢᠮ ᠲᠣᠬᠢᠷᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠨᠢ ᠳᠠᠭᠠᠬᠤ ᠬᠡᠷᠡᠭᠲᠡᠶ᠃     ᠬᠠᠤᠯᠢ ᠶᠣᠰᠣᠭᠠᠷ ᠢᠯᠡ ᠪᠣᠯᠭᠠᠬᠤ ᠦᠭᠡᠢ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠵᠤᠶᠢᠯᠡᠰ ᠢ ᠭᠠᠷᠭᠠᠪᠠᠯ᠂ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠶᠢᠨ ᠣᠷᠣᠯᠴᠠᠬᠤ ᠳᠦᠷᠢᠮ ᠢ ᠭᠦᠢᠴᠡᠤᠡᠭᠡᠵᠤ᠂ ᠪᠣᠳᠠᠲᠠᠶ ᠠᠵᠢᠯ ᠢ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠠᠴᠠ ᠬᠠᠷᠢᠭᠤᠴᠠᠨ ᠬᠡᠷᠡᠭᠵᠢᠭᠦᠯᠦᠨ᠎ᠡ᠃      ᠭᠤᠷᠪᠠᠳᠤᠭᠠᠷ ᠵᠦᠢᠯ   ᠲᠤᠰ ᠲᠦᠷᠢᠮ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠣᠷᠣᠯᠴᠠᠭ᠎ᠠ ᠭᠡᠳᠡᠭ ᠨᠢ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠶᠤ ᠡᠷᠬᠡ ᠡᠭᠦᠷᠭᠡ ᠶᠢᠨ ᠴᠢᠬᠤᠯᠠ ᠶᠡᠭᠡ ᠨᠥᠯᠥᠭᠡ ᠲᠠᠢ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠵᠤᠶᠢᠯᠡᠰ ᠤᠨ ᠲᠤᠬᠠᠶ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠨᠡᠶᠢᠭᠡᠮ ᠨᠡᠶᠢᠲᠡ ᠶᠢᠨ ᠣᠷᠣᠯᠴᠠᠬᠤ ᠳᠤ ᠲᠥᠬᠦᠮ ᠦᠵᠡᠭᠦᠯᠬᠦ ᠠᠷᠭ᠎ᠠ ᠮᠠᠶ᠋ᠢᠭ ᠢ ᠠᠪᠴᠤ ᠥᠷᠭᠡᠨ ᠢᠶᠠᠷ ᠰᠠᠨᠠᠯ ᠰᠣᠨᠣᠰᠬᠤ ᠠᠵᠢᠯᠯᠠᠭ᠎ᠠ ᠶᠢ ᠵᠢᠭᠠᠵᠤ ᠪᠣᠶ᠃      ᠳᠥᠷᠪᠡᠳᠦᠭᠡᠷ ᠵᠦᠢᠯ   ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠶᠠᠷᠢᠯᠴᠠᠬᠤ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠪᠢᠴᠢᠭ ᠢᠶᠠᠷ ᠰᠠᠨᠠᠯ ᠬᠤᠷᠢᠶᠠᠬᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠣᠯᠠᠨ ᠨᠡᠶᠢᠲᠡ ᠶᠢᠨ ᠰᠠᠨᠠᠯ ᠢ ᠰᠣᠨᠣᠰᠴᠤ ᠪᠣᠯᠤᠨ᠎ᠠ᠃     ᠰᠢᠢᠳᠪᠦᠷᠢᠲᠦ ᠪᠣᠳᠣᠯᠭ᠎ᠠ ᠶᠢᠨ ᠵᠦᠢᠯᠡᠰ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠯᠤᠭ᠎ᠠ ᠨᠢᠭᠲᠠ ᠬᠤᠯᠪᠣᠭ᠎ᠠ ᠲᠠᠢ ᠪᠠᠶᠢᠪᠠᠯ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠭᠡᠮᠯᠢᠭ ᠤᠨ ᠰᠠᠨᠠᠯ ᠢ ᠭᠦᠢᠴᠡᠳ ᠰᠣᠨᠣᠰᠬᠤ ᠬᠡᠷᠡᠭᠲᠡᠢ᠃     ᠰᠢᠢᠳᠪᠦᠷᠢᠲᠦ ᠪᠤᠳᠤᠯᠭ᠎ᠠ ᠶᠢᠨ ᠵᠦᠢᠯᠡᠰ ᠨᠢ ᠣᠨᠴᠠ ᠲᠣᠭᠲᠠᠭᠰᠠᠨ ᠬᠠᠮᠲᠤᠯᠢᠭ ᠤᠨ ᠠᠰᠢᠭ ᠲᠤᠰᠠ ᠳᠤ ᠬᠤᠯᠪᠣᠭᠳᠠᠪᠠᠯ᠂ ᠰᠢᠢᠳᠪᠦᠷᠢᠲᠦ ᠪᠤᠳᠤᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠡ ᠨᠢ ᠣᠨᠴᠠ ᠲᠣᠭᠲᠠᠭᠰᠠᠨ ᠬᠠᠮᠲᠤᠯᠢᠭ ᠵᠢᠴᠢ ᠲᠡᠭᠦᠨ ᠤ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠬᠤ ᠶᠢᠨ ᠬᠠᠮᠲᠤ ᠰᠢᠢᠳᠪᠦᠷᠢᠲᠦ ᠪᠤᠳᠤᠯᠭ᠎ᠠ ᠶᠢᠨ ᠵᠦᠢᠯᠡᠰ ᠤᠨ ᠠᠭᠤᠯᠭ᠎ᠠ ᠪᠠ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠬᠤᠯᠪᠣᠭᠳᠠᠯ ᠪᠦᠬᠦᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠵᠡᠷᠭᠡ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ ᠪᠣᠯᠤᠨ᠎ᠠ᠃      ᠲᠠᠪᠤᠳᠤᠭᠠᠷ ᠵᠦᠢᠯ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠳᠡᠭᠡᠷ᠎ᠡ ᠣᠯᠠᠨ ᠨᠡᠶᠢᠲᠡ ᠶᠢᠨ ᠣᠷᠣᠯᠴᠠᠬᠤ ᠪᠤᠯᠤᠩ ᠭᠠᠷᠭᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠶᠢᠨ ᠵᠦᠢᠯᠡᠰ ᠤᠨ ᠭᠠᠷᠴᠠᠭ᠂ ᠰᠢᠢᠤᠡᠪᠤᠷᠢᠳᠤ ᠪᠣᠳᠣᠯᠭ᠎ᠠ ᠶᠢᠨ ᠲᠥᠰᠦᠯ ᠵᠢᠴᠢ ᠰᠠᠨᠠᠯ ᠪᠠ ᠰᠠᠨᠠᠭᠤᠯᠭ᠎ᠠ ᠶᠢ ᠬᠦᠯᠢᠶᠡᠨ ᠠᠪᠴᠤ ᠬᠡᠷᠡᠭᠯᠡᠭᠰᠡᠨ ᠬᠠᠷᠢᠭᠤ ᠲᠤᠰᠬᠠᠭᠰᠠᠨ ᠪᠠᠶᠢᠳᠠᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠬᠤᠲᠠ ᠶᠢᠨ ᠠᠷᠠᠳ ᠤᠨ ᠦᠶ᠋ᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠦᠪᠡᠭᠴᠢᠯᠡᠨ ᠬᠡᠷᠡᠭᠯᠡᠵᠦ ᠣᠯᠠᠨ ᠨᠡᠶᠢᠲᠡ ᠶᠢᠨ ᠣᠷᠣᠯᠴᠠᠬᠤ ᠰᠢᠨ᠎ᠡ ᠲᠠᠪᠴᠠᠩ ᠢ ᠪᠠᠶᠢᠭᠤᠯᠬᠤ ᠬᠡᠷᠡᠭᠲᠡᠶ᠃      ᠵᠢᠷᠭᠤᠳᠤᠭᠠᠷ ᠵᠦᠢᠯ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠨᠡᠶᠢᠭᠡᠮ ᠨᠡᠶᠢᠲᠡ ᠳᠤ ᠢᠯᠡ ᠪᠠᠷ ᠰᠠᠨᠠᠯ ᠬᠤᠷᠢᠶᠠᠪᠠᠯ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠦᠵᠡᠬᠦ ᠲᠠᠯᠠᠪᠤᠷ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠨᠡᠶᠢᠭᠡᠮ ᠨᠡᠶᠢᠲᠡ ᠳᠤ ᠮᠡᠳᠡᠭᠳᠡᠬᠦ ᠳᠤ ᠳᠥᠭᠦᠮ ᠠᠷᠭ᠎ᠠ ᠵᠠᠮ ᠢᠶᠠᠷ ᠳᠠᠮᠵᠢᠭᠤᠯᠤᠨ᠂ ᠰᠢᠢᠳᠪᠦᠷᠢᠲᠦ ᠪᠣᠳᠣᠯᠭ᠎ᠠ ᠶᠢᠨ ᠲᠥᠰᠦᠯ ᠵᠢᠴᠢ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠨᠡᠶᠢᠲᠡᠯᠡᠵᠦ᠂ ᠰᠠᠨᠠᠯ ᠳᠤᠷᠠᠳᠬᠤ ᠠᠷᠭ᠎ᠠ ᠵᠠᠮ᠂ ᠠᠷᠭ᠎ᠠ ᠮᠠᠶ᠋ᠢᠭ᠂ ᠬᠤᠭᠤᠴᠠᠭ᠎ᠠ ᠬᠢᠵᠠᠭᠠᠷ ᠵᠢᠴᠢ ᠬᠠᠷᠢᠯᠴᠠᠬᠤ ᠨᠢᠭᠡᠴᠡ᠂ ᠬᠠᠷᠢᠯᠴᠠᠬᠤ ᠠᠷᠭ᠎ᠠ ᠮᠠᠶ᠋ᠢᠭ ᠢ ᠲᠣᠳᠣᠷᠬᠠᠶ ᠳᠤᠷᠠᠳᠤᠨ ᠭᠠᠷᠭᠠᠬᠤ ᠬᠡᠷᠡᠭᠲᠡᠶ᠃    ᠢᠯᠡ ᠪᠠᠷ ᠰᠠᠨᠠᠯ ᠬᠤᠷᠢᠶᠠᠬᠤ ᠬᠤᠭᠤᠴᠠᠭ᠎ᠠ ᠶᠢ ᠡᠩ ᠤᠨ ᠪᠠᠶᠢᠳᠠᠯ ᠳᠤ 30 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠪᠠᠶᠢᠳᠠᠯ ᠪᠠᠴᠢᠮ ᠵᠡᠷᠭᠡ ᠰᠢᠯᠲᠠᠭᠠᠨ ᠠᠴᠠ ᠪᠤᠯᠵᠤ ᠬᠤᠭᠤᠴᠠᠭ᠎ᠠ ᠶᠢ ᠨᠢ ᠪᠣᠭᠤᠨᠢᠰᠬᠠᠬᠤ ᠴᠢᠬᠤᠯᠠᠲᠠᠶ ᠪᠠᠶᠢᠪᠠᠯ᠂ ᠢᠯᠡ ᠪᠠᠷ ᠰᠠᠨᠠᠯ ᠬᠤᠷᠢᠶᠠᠬᠤ ᠳᠠᠭᠠᠨ ᠲᠣᠳᠣᠷᠬᠠᠶᠢᠯᠠᠯᠲᠠ ᠬᠢᠬᠦ ᠬᠡᠷᠡᠭᠲᠡᠶ᠃     ᠳᠣᠯᠣᠳᠤᠭᠠᠷ ᠵᠦᠢᠯ ᠶᠠᠷᠢᠯᠴᠠᠬᠤ ᠬᠤᠷᠠᠯ ᠤᠨ ᠠᠷᠭ᠎ᠠ ᠮᠠᠶ᠋ᠢᠭ ᠢᠶᠠᠷ ᠣᠯᠠᠨ ᠨᠡᠶᠢᠲᠡ ᠶᠢᠨ ᠰᠠᠨᠠᠯ ᠢ ᠰᠣᠨᠣᠰᠬᠤ ᠳᠤ᠂ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠵᠣᠬᠢᠰᠲᠠᠶ ᠰᠣᠩᠭᠤᠵᠤ᠂ ᠶᠠᠷᠢᠯᠴᠠᠬᠤ ᠬᠤᠷᠠᠯ ᠬᠤᠷᠠᠯᠳᠤᠭᠤᠯᠬᠤ ᠠᠴᠠ 3 ᠠᠵᠢᠯ ᠤᠨ ᠡᠮᠦᠨ᠎ᠡ᠂ ᠰᠢᠢᠤᠡᠪᠤᠷᠢᠳᠤ ᠪᠣᠳᠣᠯᠭ᠎ᠠ ᠶᠢᠨ ᠲᠥᠰᠦᠯ ᠪᠣᠯᠤᠨ ᠠᠬᠤᠶ ᠪᠠᠶᠢᠳᠠᠯ ᠵᠡᠷᠭᠡ ᠮᠠᠲ᠋ᠧᠷᠢᠶᠠᠯ ᠢᠶᠠᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ ᠬᠦᠷᠭᠡᠬᠦ ᠶᠢᠨ ᠬᠠᠮᠲᠤ᠂ ᠶᠠᠷᠢᠯᠴᠠᠬᠤ ᠬᠤᠷᠠᠯ ᠬᠤᠷᠠᠯᠳᠤᠭᠤᠯᠬᠤ ᠴᠠᠭ ᠪᠣᠯᠤᠨ ᠭᠠᠵᠠᠷ ᠢᠶᠠᠨ ᠮᠡᠳᠡᠭᠳᠡᠬᠦ ᠬᠡᠷᠡᠭᠲᠡᠶ᠃ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠶᠠᠷᠢᠯᠴᠠᠬᠤ ᠬᠤᠷᠠᠯ ᠤᠨ ᠶᠠᠪᠤᠴᠠ ᠳᠤ᠂ ᠬᠠᠮᠢᠶ᠎ᠠ ᠪᠦᠬᠦᠢ ᠬᠥᠮᠦᠰ ᠤᠨ ᠰᠠᠨᠠᠯ ᠢ ᠭᠦᠢᠴᠡᠳ ᠰᠣᠨᠣᠰᠬᠤ ᠶᠢᠨ ᠬᠠᠮᠲᠤ ᠣᠶᠢᠯᠠᠭᠠᠯᠴᠠᠨ ᠲᠠᠶᠢᠯᠪᠤᠷᠢᠯᠠᠬᠤ ᠶᠢ ᠴᠢᠬᠤᠯᠠᠴᠢᠯᠠᠵᠤ᠂ ᠴᠢᠬᠤᠯᠠ ᠲᠠᠢ ᠦᠶ᠎ᠡ ᠳᠤ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ ᠢ ᠤᠷᠢᠵᠤ ᠲᠠᠶᠢᠯᠪᠤᠷᠢᠯᠠᠨ ᠲᠣᠳᠣᠷᠬᠠᠶᠢᠯᠠᠵᠤ ᠪᠣᠯᠤᠨ᠎ᠠ᠃      ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠬᠤᠷᠠᠯ ᠤᠨ ᠲᠡᠮᠳᠡᠭᠯᠡᠯ ᠵᠣᠬᠢᠶᠠᠵᠤ᠂ ᠡᠯ᠎ᠡ ᠥᠭᠦᠯᠡᠭᠴᠢ ᠶᠢᠨ ᠭᠤᠤᠯ ᠦᠵᠡᠯᠲᠡ ᠪᠠ ᠤᠴᠢᠷ ᠰᠢᠯᠲᠠᠭᠠᠨ ᠢ ᠦᠨᠡᠨ ᠪᠣᠳᠠᠲᠠᠶ ᠪᠠᠷ ᠲᠡᠮᠳᠡᠭᠯᠡᠬᠦ ᠬᠡᠷᠡᠭᠲᠡᠶ᠃      ᠨᠠᠢᠮᠠᠳᠤᠭᠠᠷ ᠵᠦᠢᠯ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠪᠢᠴᠢᠭ ᠢᠶᠠᠷ ᠰᠠᠨᠠᠯ ᠬᠤᠷᠢᠶᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠨᠠᠯ ᠢ ᠰᠢᠭᠤᠳ ᠰᠣᠨᠣᠰᠴᠤ ᠪᠣᠯᠤᠨ᠎ᠠ᠃      ᠶᠢᠰᠦᠳᠦᠭᠡᠷ ᠵᠦᠢᠯ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠤᠯᠠᠨ ᠨᠡᠶᠢᠲᠡ ᠶᠢᠨ ᠰᠠᠨᠠᠯ ᠢ ᠰᠣᠨᠣᠰᠤᠭᠰᠠᠨ ᠪᠠᠶᠢᠪᠠᠯ᠂ ᠰᠢᠢᠳᠪᠦᠷᠢᠲᠦ ᠪᠤᠳᠤᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠡ ᠨᠢ ᠬᠤᠯᠪᠣᠭᠳᠠᠯ ᠪᠦᠬᠦᠢ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠵᠦ᠂ ᠰᠤᠷᠪᠤᠯᠵᠢᠯᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠲᠥᠯᠥᠭᠡᠯᠡᠬᠦ ᠴᠢᠨᠠᠷᠲᠠᠢ ᠣᠷᠣᠨ ᠪᠦᠰᠡ᠂ ᠬᠠᠮᠲᠤᠯᠢᠭ᠂ ᠠᠵᠤ ᠠᠬᠤᠶᠢᠯᠠᠯ ᠪᠠ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠵᠡᠷᠭᠡ ᠶᠢ ᠰᠣᠩᠭᠤᠨ ᠰᠤᠷᠪᠤᠯᠵᠢᠯᠠᠵᠤ᠂ ᠭᠦᠢᠴᠡᠳ ᠪᠠᠶᠢᠴᠠᠭᠠᠨ ᠰᠤᠳᠤᠯᠤᠯᠲᠠ ᠬᠢᠨ᠎ᠡ᠃      ᠠᠷᠪᠠᠳᠤᠭᠠᠷ ᠵᠦᠢᠯ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠲᠣᠤᠷ ᠰᠦᠯᠵᠢᠶ᠎ᠡ ᠶᠢᠨ ᠨᠡᠶᠢᠳᠡᠮ ᠪᠠᠶᠢᠴᠠᠭᠠᠯᠲᠠ᠂ ᠣᠬᠤᠷ ᠴᠢᠮᠡᠭᠡ ᠳᠤ ᠲᠠᠰᠢᠷᠠᠮ ᠢᠶᠠᠷ ᠪᠠᠶᠢᠴᠠᠭᠠᠯᠲᠠ ᠬᠢᠬᠦ ᠪᠠ ᠣᠨᠴᠣᠭᠤᠶ ᠬᠥᠮᠦᠰ ᠢ ᠰᠤᠭᠤᠴᠠᠨ ᠪᠠᠶᠢᠴᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠢᠢᠤᠡᠪᠤᠷᠢᠳᠤ ᠪᠣᠳᠣᠯᠭ᠎ᠠ ᠶᠢᠨ ᠵᠦᠢᠯᠡᠰ ᠤᠨ ᠨᠡᠶᠢᠭᠡᠮ ᠢᠶᠠᠷ ᠢᠶᠠᠨ ᠵᠥᠪᠰᠢᠶᠡᠷᠡᠭᠰᠡᠨ ᠬᠡᠮᠵᠢᠶ᠎ᠡ᠂ ᠳᠠᠭᠠᠭᠠᠬᠤ ᠬᠡᠮᠵᠢᠶ᠎ᠡ ᠵᠢᠴᠢ ᠬᠠᠮᠢᠶ᠎ᠠ ᠪᠦᠬᠦᠢ ᠰᠠᠨᠠᠯ ᠪᠠ ᠰᠠᠨᠠᠭᠤᠯᠭ᠎ᠠ ᠶᠢ ᠣᠶᠢᠯᠠᠭᠠᠵᠤ ᠪᠣᠯᠤᠨ᠎ᠠ᠃ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠡᠲᠡᠭᠡᠳ ᠡᠷᠬᠡᠪᠰᠢ ᠬᠤᠯᠪᠣᠭᠳᠠᠯᠲᠤ ᠴᠢᠨᠠᠷ᠂ ᠲᠥᠯᠥᠭᠡᠯᠡᠬᠦ ᠴᠢᠨᠠᠷ᠂ ᠦᠨᠡᠨ ᠪᠣᠳᠠᠲᠤ ᠴᠢᠨᠠᠷ ᠲᠠᠢ ᠪᠠᠶᠢᠵᠤ᠂ ᠪᠠᠶᠢᠴᠠᠭᠠᠯᠲᠠ ᠶᠢᠨ ᠠᠭᠤᠯᠭ᠎ᠠ ᠶᠢ ᠵᠢᠷᠤᠵᠤ ᠲᠥᠯᠥᠪᠯᠡᠬᠦ ᠳᠡᠭᠡᠨ ᠦᠭᠡ ᠥᠭᠦᠯᠡᠪᠦᠷᠢ ᠨᠢ ᠲᠣᠪᠴᠢ ᠠᠪᠰᠠᠷᠬᠠᠨ᠂ ᠣᠶᠢᠯᠠᠭᠠᠬᠤ ᠳᠤ ᠠᠮᠠᠷᠬᠠᠨ ᠪᠠᠶᠢᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠪᠡᠶ᠎ᠡ ᠪᠠᠨ ᠳᠠᠭᠠᠭᠠᠨ ᠪᠠᠶᠢᠴᠠᠭᠠᠨ ᠰᠤᠳᠤᠯᠬᠤ ᠪᠠᠶᠢᠭᠤᠯᠤᠮᠵᠢ ᠳᠤ ᠨᠠᠶᠢᠳᠠᠵᠤ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠬᠢᠬᠦ ᠳᠤ᠂ ᠲᠡᠭᠦᠨ ᠢ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠪᠢᠴᠢᠭ ᠤᠨ ᠮᠡᠳᠡᠭᠦᠯᠦᠯᠲᠡ ᠵᠣᠬᠢᠶᠠᠭᠤᠯᠬᠤ ᠪᠠᠷ ᠱᠠᠭᠠᠷᠳᠠᠬᠤ ᠬᠡᠷᠡᠭᠲᠡᠶ᠃ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠵᠠᠳᠠᠯᠤᠯᠲᠠ ᠬᠢᠵᠦ᠂ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠰᠠᠨᠠᠯ ᠢ ᠠᠪᠴᠤ ᠬᠡᠷᠡᠭᠯᠡᠭᠰᠡᠨ ᠪᠠᠶᠢᠳᠠᠯ ᠢ ᠲᠣᠳᠣᠷᠬᠠᠶᠢᠯᠠᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ ᠰᠢᠢᠤᠡᠪᠤᠷᠢᠳᠤ ᠪᠣᠳᠣᠯᠭ᠎ᠠ ᠶᠢᠨ ᠵᠦᠢᠯᠡᠰ ᠨᠢ ᠠᠷᠠᠳ ᠢᠷᠭᠡᠨ᠂ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰ ᠪᠡᠶ᠎ᠡ ᠶᠢᠨ ᠠᠰᠢᠭ ᠲᠤᠰᠠ᠂ ᠨᠡᠯᠢᠶᠡᠳ ᠶᠡᠭᠡ ᠵᠥᠷᠢᠯᠳᠦᠭᠡᠨ ᠣᠷᠣᠰᠢᠵᠤ ᠪᠠᠶᠢᠭ᠎ᠠ ᠪᠤᠶᠤ ᠣᠯᠠᠨ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠪᠣᠯ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠪᠣᠯᠤᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠭᠡᠷᠡᠴᠢ ᠰᠣᠨᠣᠰᠬᠤ ᠬᠤᠷᠠᠯ ᠬᠤᠷᠠᠯᠳᠤᠭᠤᠯᠬᠤ ᠲᠤᠬᠠᠶ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠨᠢ ᠵᠢᠷᠤᠮᠯᠠᠬᠤ ᠬᠡᠷᠡᠭᠲᠡᠶ᠃     ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠵᠤᠶᠢᠯᠡᠰ ᠢ ᠢᠯᠡ ᠪᠠᠷ ᠰᠠᠨᠠᠯ ᠬᠤᠷᠢᠶᠠᠬᠤ ᠬᠤᠭᠤᠴᠠᠭᠠᠨ ᠳᠤ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠣᠰ ᠵᠤᠶᠢᠯᠡᠰ ᠢ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠬᠤ ᠬᠡᠷᠡᠭᠲᠡᠶ ᠭᠡᠵᠦ ᠦᠵᠡᠪᠡᠯ ᠂ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠶ᠋ᠴᠡᠳᠬᠡᠬᠦ ᠨᠢᠭᠡᠴᠡ ᠪᠤᠶᠤ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠭᠡᠷᠡᠴᠢᠯᠡᠭᠡ ᠰᠣᠨᠣᠰᠬᠤ ᠭᠤᠶᠤᠴᠢᠯᠠᠯ ᠳᠤᠷᠠᠳᠴᠤ ᠪᠣᠯᠤᠨ᠎ᠠ᠂ ᠭᠡᠷᠡᠴᠢᠯᠡᠭᠡ ᠰᠣᠨᠣᠰᠬᠤ ᠭᠤᠶᠤᠴᠢᠯᠠᠯ ᠢ ᠪᠢᠴᠢᠭ ᠤᠨ ᠬᠡᠯᠪᠡᠷᠢ ᠪᠠᠷ ᠳᠤᠷᠠᠳᠬᠤ ᠬᠡᠷᠡᠭᠲᠡᠶ᠃ ᠭᠡᠷᠡᠴᠢᠯᠡᠭᠡ ᠰᠣᠨᠣᠰᠬᠤ ᠭᠤᠶᠤᠴᠢᠯᠠᠯ ᠢ ᠣᠯᠤᠭᠰᠠᠨ ᠤ ᠳᠠᠷᠠᠭ᠎ᠠ᠂ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠢᠯᠡ ᠪᠠᠷ ᠰᠠᠨᠠᠯ ᠬᠤᠷᠢᠶᠠᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠬᠠᠷᠢᠭᠤᠯᠲᠠ ᠥᠭᠬᠦ ᠬᠡᠷᠡᠭᠲᠡᠶ︔ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠬᠤ ᠦᠭᠡᠶ ᠪᠣᠯ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠬᠤ ᠬᠡᠷᠡᠭᠲᠡᠶ᠃    ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠥᠪᠡᠰᠦᠪᠡᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠪᠣᠯᠤᠨ᠎ᠠ᠂ ᠪᠤᠰᠤᠳ ᠨᠢᠭᠡᠴᠡ ᠳᠤ ᠨᠠᠶᠢᠳᠠᠵᠤ ᠭᠡᠷᠡᠴᠢᠯᠡᠭᠡ ᠰᠣᠨᠣᠰᠬᠤ ᠬᠤᠷᠠᠯ ᠬᠢᠯᠭᠡᠭᠰᠡᠨ ᠴᠤ ᠪᠣᠯᠤᠨ᠎ᠠ᠃ ᠰᠢᠢᠤᠡᠪᠤᠷᠢᠳᠤ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠪᠤᠶᠤ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠬᠤ ᠪᠤᠰᠤᠳ ᠨᠢᠭᠡᠴᠡ ᠨᠢ ᠭᠡᠷᠡᠴᠢᠯᠡᠭᠡ ᠰᠣᠨᠣᠰᠬᠤ ᠬᠤᠷᠠᠯ ᠤᠨ 15 ᠡᠳᠦᠷ ᠤᠨ ᠡᠮᠦᠨ᠎ᠡ᠂ ᠭᠡᠷᠡᠴᠢᠯᠡᠭᠡ ᠰᠣᠨᠣᠰᠬᠤ ᠬᠤᠷᠠᠯ ᠤᠨ ᠠᠯᠪᠠᠨ ᠵᠠᠷ ᠢ ᠨᠡᠶᠢᠲᠡᠯᠡᠵᠦ᠂ ᠰᠢᠢᠤᠡᠪᠤᠷᠢᠳᠤ ᠪᠣᠳᠣᠯᠭ᠎ᠠ ᠶᠢᠨ ᠲᠥᠰᠦᠯ ᠵᠢᠴᠢ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠨᠡᠶᠢᠲᠡᠯᠡᠵᠦ᠂ ᠭᠡᠷᠡᠴᠢᠯᠡᠭᠡ ᠰᠣᠨᠣᠰᠬᠤ ᠴᠠᠭ᠂ ᠭᠠᠵᠠᠷ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠬᠤ ᠬᠡᠷᠡᠭᠲᠡᠶ︔ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠶᠢᠨ 7 ᠡᠳᠦᠷ ᠤᠨ ᠡᠮᠦᠨ᠎ᠡ᠂ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠤᠨ ᠨᠡᠷᠡᠰ ᠢ ᠨᠡᠶᠢᠭᠡᠮ ᠳᠤ ᠨᠡᠶᠢᠲᠡᠯᠡᠵᠦ᠂ ᠭᠡᠷᠡᠴᠢᠯᠡᠭᠡ ᠰᠣᠨᠣᠰᠬᠤ ᠳᠤ ᠣᠷᠣᠯᠴᠠᠭᠴᠢ ᠳᠤ ᠭᠡᠷᠡᠴᠢᠯᠡᠭᠡ ᠰᠣᠨᠣᠰᠬᠤ ᠬᠤᠷᠠᠯ ᠤᠨ ᠮᠠᠲ᠋ᠧᠷᠢᠶᠠᠯ ᠢ ᠬᠦᠷᠭᠡᠵᠦ ᠥᠭᠬᠦ ᠬᠡᠷᠡᠭᠲᠡᠶ᠃     ᠠᠷᠪᠠᠨ ᠭᠤᠷᠪᠠᠳᠤᠭᠠᠷ ᠵᠦᠢᠯ ᠭᠡᠷᠡᠴᠢᠯᠡᠭᠡ ᠰᠣᠨᠣᠰᠬᠤ ᠬᠤᠷᠠᠯ ᠢ ᠳᠣᠤᠷᠠᠬᠢ ᠮᠡᠲᠦ ᠳᠦᠷᠢᠮ ᠤᠨ ᠶᠣᠰᠣᠭᠠᠷ ᠢᠯᠡ ᠪᠠᠷ ᠬᠢᠬᠦ ᠬᠡᠷᠡᠭᠲᠡᠶ᠄    ︵ᠨᠢᠭᠡ︶ ᠬᠥᠲᠥᠯᠥᠭᠴᠢ ᠭᠡᠷᠡᠴᠢᠯᠡᠯᠲᠡ ᠰᠣᠨᠣᠰᠬᠤ ᠳᠤ ᠣᠷᠣᠯᠴᠠᠭᠴᠢ᠂ ᠭᠡᠷᠡᠴᠢᠯᠡᠯᠲᠡ ᠰᠣᠨᠣᠰᠬᠤ ᠬᠤᠷᠠᠯ ᠤᠨ ᠵᠥᠪᠯᠡᠬᠦ ᠵᠦᠢᠯ᠂ ᠭᠡᠷᠡᠴᠢᠯᠡᠭᠡ ᠰᠣᠨᠣᠰᠬᠤ ᠭᠤᠣᠯ ᠰᠡᠳᠦᠪ ᠢ ᠲᠠᠨᠢᠯᠴᠠᠭᠤᠯᠵᠤ᠂ ᠭᠡᠷᠡᠴᠢᠯᠡᠭᠡ ᠰᠣᠨᠣᠰᠬᠤ ᠰᠠᠬᠢᠯᠭ᠎ᠠ ᠪᠠᠲᠤ ᠶᠢ ᠤᠬᠠᠭᠤᠯᠤᠨ ᠤᠩᠰᠢᠵᠤ᠂ ᠭᠡᠷᠡᠴᠢᠯᠡᠭᠡ ᠰᠣᠨᠣᠰᠬᠤ ᠬᠤᠷᠠᠯ ᠡᠬᠢᠯᠡᠭᠰᠡᠨ ᠢ ᠵᠠᠷᠯᠠᠪᠠ︔    ︵ᠬᠤᠶᠠᠷ︶ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠠᠴᠠ ᠰᠢᠢᠳᠪᠦᠷᠢᠲᠦ ᠪᠣᠳᠣᠯᠭ᠎ᠠ ᠶᠢᠨ ᠲᠥᠰᠦᠯ ᠤᠨ ᠭᠤᠤᠯ ᠠᠭᠤᠯᠭ᠎ᠠ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠦᠨᠳᠦᠰᠦᠯᠡᠯ ᠪᠠ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠨ᠎ᠠ︔    ︵ᠭᠤᠷᠪᠠ︶ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠰᠠᠨᠠᠯ ᠢᠶᠠᠨ ᠢᠯᠡᠳᠬᠡᠵᠦ᠂ ᠯᠠᠪᠯᠠᠨ ᠠᠰᠠᠭᠤᠬᠤ᠂ ᠲᠤᠯᠭᠠᠨ ᠭᠡᠷᠡᠴᠢᠯᠡᠬᠦ ᠪᠠ ᠮᠠᠷᠭᠤᠯᠳᠤᠨ᠎ᠠ᠂ ᠴᠢᠬᠤᠯᠠᠲᠠᠶ ᠦᠶ᠎ᠡ ᠳᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠪᠤᠶᠤ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠠᠴᠠ ᠲᠠᠶᠢᠯᠪᠤᠷᠢᠯᠠᠨ ᠲᠣᠳᠣᠷᠬᠠᠶᠢᠯᠠᠵᠤ ᠪᠣᠯᠤᠨ᠎ᠠ︔    ︵ᠲᠦᠷᠪᠡ︶ ᠭᠡᠷᠡᠴᠢᠯᠡᠭᠡ ᠰᠣᠨᠣᠰᠤᠭᠴᠢ ᠶᠢᠨ ᠳ᠋ᠦᠩᠨᠡᠯᠲᠡ ᠬᠢᠵᠦ ᠲᠣᠭᠠᠴᠢᠬᠤ ᠪᠥᠭᠡᠳ ᠭᠡᠷᠡᠴᠢᠯᠡᠯᠲᠡ ᠰᠣᠨᠣᠰᠬᠤ ᠬᠤᠷᠠᠯ ᠳᠠᠭᠤᠰᠤᠭᠰᠠᠨ ᠢ ᠨᠡᠶᠢᠲᠡᠯᠡᠨ᠎ᠡ︔    ︵ᠲᠠᠪᠤ︶ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠭᠡᠷᠡᠴᠢ ᠰᠣᠨᠣᠰᠬᠤ ᠬᠤᠷᠠᠯ ᠤᠨ ᠲᠡᠮᠳᠡᠭᠯᠡᠯ ᠢ ᠨᠤᠲᠠᠯᠠᠬᠤ ᠶᠢᠨ ᠬᠠᠮᠲᠤ ᠭᠠᠷ ᠤᠨ ᠦᠰᠦᠭ ᠵᠢᠷᠤᠬᠤ ᠬᠡᠷᠡᠭᠲᠡᠶ᠃    ︵ᠵᠢᠷᠭᠤᠭ᠎ᠠ︶ ᠭᠡᠷᠡᠴᠢᠯᠡᠭᠡ ᠰᠣᠨᠣᠰᠬᠤ ᠬᠤᠷᠠᠯ ᠠᠴᠠ ᠰᠣᠨᠢᠨ ᠮᠡᠳᠡᠭᠡᠨ ᠤ ᠵᠠᠭᠤᠴᠢ ᠪᠣᠯᠤᠨ ᠬᠤᠯᠪᠣᠭᠳᠠᠯ ᠪᠦᠬᠦᠢ ᠬᠥᠮᠦᠰ ᠢ ᠤᠷᠢᠵᠤ ᠰᠤᠯᠠ ᠰᠣᠨᠣᠰᠬᠤ ᠳᠤ ᠣᠷᠣᠯᠴᠠᠭᠤᠯᠵᠤ ᠪᠣᠯᠤᠨ᠎ᠠ᠃    ︵ᠳᠤᠯᠤᠭ᠎ᠠ︶ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠭᠡᠷᠡᠴᠢᠯᠡᠭᠡ ᠰᠣᠨᠣᠰᠬᠤ ᠬᠤᠷᠠᠯ ᠤᠨ ᠪᠠᠶᠢᠳᠠᠯ ᠢ ᠦᠨᠳᠦᠰᠦᠯᠡᠨ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ ᠬᠢᠬᠦ ᠬᠡᠷᠡᠭᠲᠡᠶ᠃    ᠠᠷᠪᠠᠨ ᠳᠥᠷᠪᠡᠳᠦᠭᠡᠷ ᠵᠦᠢᠯ ᠣᠯᠠᠨ ᠨᠡᠶᠢᠲᠡ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠶᠠᠪᠤᠴᠠ ᠳᠤ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠡᠯ᠎ᠡ ᠲᠠᠯ᠎ᠠ ᠶᠢᠨ ᠬᠢᠨ ᠤ ᠰᠠᠨᠠᠯ ᠢ ᠪᠦᠬᠦ ᠲᠠᠯ᠎ᠠ ᠪᠠᠷ᠂ ᠪᠤᠰᠤᠳᠴᠢ ᠪᠠᠷ ᠬᠤᠷᠢᠶᠠᠩᠭᠤᠶᠢᠯᠠᠨ ᠡᠮᠬᠢᠳᠬᠡᠬᠦ ᠶᠢᠨ ᠬᠠᠮᠲᠤ ᠬᠢᠨᠠᠮᠠᠭᠠᠶ ᠰᠤᠳᠤᠯᠤᠨ ᠨᠤᠲᠠᠯᠠᠵᠤ᠂ ᠵᠦᠢ ᠵᠣᠬᠢᠰᠲᠠᠶ ᠰᠠᠨᠠᠯ ᠢ ᠭᠦᠢᠴᠡᠳ ᠰᠢᠩᠭᠡᠭᠡᠨ ᠠᠪᠴᠤ᠂ ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠲᠡᠭᠦᠯᠳᠡᠷᠵᠢᠭᠦᠯᠬᠦ ᠬᠡᠷᠡᠭᠲᠡᠶ᠃    ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠣᠯᠠᠨ ᠨᠡᠶᠢᠲᠡ ᠶᠢᠨ ᠰᠠᠨᠠᠯ ᠢ ᠰᠣᠨᠣᠰᠴᠤ ᠪᠠᠶᠢᠭ᠎ᠠ ᠪᠠᠶᠢᠳᠠᠯ ᠢᠶᠠᠨ ᠪᠢᠴᠢᠭ ᠢᠶᠠᠷ ᠲᠣᠳᠣᠷᠬᠠᠶᠢᠯᠠᠵᠤ᠂ ᠬᠦᠯᠢᠶᠡᠨ ᠠᠪᠴᠤ ᠬᠡᠷᠡᠭᠯᠡᠭᠰᠡᠨ ᠦᠭᠡᠶ ᠣᠯᠠᠨ ᠨᠡᠶᠢᠲᠡ ᠶᠢᠨ ᠰᠠᠨᠠᠯ ᠢ ᠪᠢᠴᠢᠭ ᠢᠶᠠᠷ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠪᠤᠶᠤ ᠲᠠᠶᠢᠯᠪᠤᠷᠢᠯᠠᠯᠲᠠ ᠬᠢᠬᠦ ᠬᠡᠷᠡᠭᠲᠡᠶ᠃    ᠠᠷᠪᠠᠨ ᠲᠠᠪᠤᠳᠤᠭᠠᠷ ᠵᠦᠢᠯ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠳᠤ ᠣᠷᠣᠯᠴᠠᠭᠰᠠᠨ ᠪᠠᠶᠢᠳᠠᠯ ᠢ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠴᠢᠬᠤᠯᠠ ᠦᠨᠳᠦᠰᠦᠯᠡᠯ ᠤᠨ ᠨᠢᠭᠡ ᠪᠣᠯᠭᠠᠬᠤ ᠬᠡᠷᠡᠭᠲᠡᠶ᠃ ᠣᠯᠠᠨ ᠨᠡᠶᠢᠲᠡ ᠶᠢ ᠵᠣᠬᠢᠶᠠᠨ ᠪᠠᠶᠢᠭᠤᠯᠤᠨ ᠣᠷᠣᠯᠴᠠᠭᠤᠯᠤᠭᠰᠠᠨ ᠦᠭᠡᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠨ ᠬᠢᠨᠠᠨ ᠵᠥᠪᠯᠡᠭᠦᠯᠵᠦ ᠪᠣᠯᠬᠤ ᠦᠭᠡᠢ᠃    ᠠᠷᠪᠠᠨ ᠵᠢᠷᠭᠤᠳᠤᠭᠠᠷ ᠵᠦᠢᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠲᠣᠰ ᠲᠦᠷᠢᠮ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠠᠷᠪᠠᠨ ᠳᠣᠯᠣᠳᠤᠭᠠᠷ ᠵᠦᠢᠯ ᠲᠤᠰ ᠳᠦᠷᠢᠮ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠲᠦᠷᠢᠮ      ᠨᠢᠭᠡᠳᠦᠭᠡᠷ ᠵᠦᠢᠯ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠦᠯᠢᠭᠡᠷ ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠪᠠᠷ ᠵᠠᠰᠠᠬᠤ ᠰᠡᠳᠬᠢᠬᠦᠶ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 - 2020︶︾ ︵ᠲᠥᠪ ᠲᠠᠷᠬᠠᠭᠠᠭᠰᠠᠨ ︹2015︺ 36 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠥᠪᠥᠷ ᠨᠠᠮ ᠠᠯᠪᠠᠨ ᠥᠰᠥᠭ ︹2017︺ 6 ᠳ᠋ᠤᠭᠠᠷ ᠲᠣᠭᠠᠲᠤ︶᠎ ᠤᠨ ᠵᠡᠷᠭᠡ ᠲᠣᠭᠲᠠᠭᠠᠯ ᠢ ᠦᠨᠳᠦᠰᠦᠯᠡᠨ᠂ ᠬᠠᠶᠢᠷᠤᠪ ᠤᠨ ᠲᠣᠬᠤᠢ ᠲᠣᠭᠤᠷᠢᠭ ᠤᠨ ᠪᠣᠳᠠᠲᠠᠶ ᠲᠠᠢ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠰᠤᠷᠤᠯᠭ᠎ᠠ ᠶᠢ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯ ᠶᠢᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠵᠤ᠂ ᠴᠢᠬᠤᠯᠠ ᠶᠡᠭᠡ ᠬᠦᠴᠢᠷ ᠠᠰᠠᠭᠤᠳᠠᠯ᠂ ᠬᠠᠯᠠᠮᠰᠢᠯ ᠠᠰᠠᠭᠤᠳᠠᠯ ᠢ ᠰᠤᠳᠤᠯᠤᠨ ᠰᠢᠢᠤᠡᠪᠤᠷᠢᠯᠡᠬᠦ ᠯᠦᠭᠡ ᠬᠠᠷᠢᠯᠴᠠᠨ ᠤᠶᠠᠯᠳᠤᠭᠤᠯᠵᠤ᠂ ᠰᠤᠷᠤᠯᠴᠠᠯᠭ᠎ᠠ ᠶᠢᠨ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠴᠢᠩᠭᠠᠳᠬᠠᠬᠤ ᠬᠡᠷᠡᠭᠲᠡᠶ᠃      ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠬᠦᠨ ᠪᠣᠯᠤᠨ ᠰᠤᠯᠠ ᠣᠷᠣᠯᠴᠠᠭᠰᠠᠳ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠳᠤ ᠤᠬᠠᠮᠰᠠᠷ ᠠᠴᠠ ᠪᠠᠨ ᠣᠷᠣᠯᠴᠠᠵᠤ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠶᠢᠨ ᠦᠵᠡᠯᠲᠡ ᠪᠠᠨ ᠴᠢᠩᠭᠠᠳᠬᠠᠨ᠂ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠶᠣᠰᠣᠭᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃      ᠳᠥᠷᠪᠡᠳᠦᠭᠡᠷ ᠵᠦᠢᠯ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠳᠤ᠂ ᠭᠤᠤᠯᠳᠠᠭᠤ ᠬᠤᠷᠠᠯ ᠠᠴᠠ ᠡᠮᠦᠨ᠎ᠡ ᠬᠠᠤᠯᠢ ᠰᠤᠷᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠵᠠᠷᠴᠢᠮ ᠳᠡᠭᠡᠷ᠎ᠡ ᠪᠠᠨ ᠤᠳᠠᠭ᠎ᠠ ᠪᠦᠷᠢ ᠪᠠᠶᠢᠩᠭᠤ ᠶᠢᠨ ᠬᠤᠷᠠᠯ ᠬᠤᠷᠠᠯᠳᠤᠭᠤᠯᠬᠤ ᠳᠤ ᠴᠥᠮ 10 ᠮᠢᠨᠦ᠋ᠲ ᠣᠷᠴᠢᠮ ᠰᠤᠷᠤᠯᠴᠠᠬᠤ ᠴᠠᠭ ᠲᠣᠬᠢᠷᠠᠭᠤᠯᠵᠤ᠂ ᠪᠠᠰᠠ ᠪᠢᠴᠢᠭ ᠢᠶᠠᠷ ᠤᠯᠠᠮᠵᠢᠯᠠᠨ ᠰᠤᠷᠤᠯᠴᠠᠵᠤ ᠪᠣᠯᠤᠨ᠎ᠠ᠃ ᠤᠳᠤᠷᠢᠳᠬᠤ ᠺᠠᠳ᠋ᠷᠴᠤᠳ ᠬᠠᠤᠯᠢ ᠶᠢ ᠲᠥᠪᠯᠡᠷᠡᠭᠦᠯᠦᠨ ᠰᠤᠷᠤᠯᠴᠠᠬᠤ ᠳᠤ ᠬᠢᠨᠠᠮᠠᠭᠠᠶ ᠣᠷᠣᠯᠴᠠᠬᠤ ᠶᠢᠨ ᠬᠠᠮᠲᠤ᠂ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠥᠪᠡᠰᠦᠪᠡᠨ ᠰᠤᠷᠤᠯᠴᠠᠬᠤ ᠶᠢ ᠢᠳᠡᠪᠬᠢᠲᠡᠶ ᠥᠷᠨᠢᠭᠦᠯᠬᠦ ᠬᠡᠷᠡᠭᠲᠡᠶ᠃    ᠲᠠᠪᠤᠳᠤᠭᠠᠷ ᠵᠦᠢᠯ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠭᠤᠤᠯᠳᠠᠯᠭ᠎ᠠ ᠲᠠᠢ ᠠᠭᠤᠯᠭ᠎ᠠ᠄    ︵ᠨᠢᠭᠡ︶ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︔    ︵ᠬᠤᠶᠠᠷ︶ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠣᠨᠣᠯ︔    ︵ᠭᠤᠷᠪᠠ︶ ᠬᠠᠤᠯᠢ ᠪᠠᠷ ᠤᠯᠤᠰ ᠢᠶᠠᠨ ᠵᠠᠰᠠᠬᠤ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠦᠨᠳᠦᠰᠦᠨ ᠤᠨᠤᠯ ᠢ ᠬᠡᠷᠡᠭᠵᠢᠭᠦᠯᠦᠨ᠎ᠡ᠃    ︵ᠲᠦᠷᠪᠡ︶ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠢᠴᠢ ᠵᠠᠰᠠᠭ ᠤᠨ ᠣᠷᠳᠣᠨ ᠤ ᠠᠵᠢᠯ ᠲᠠᠢ ᠨᠢᠭᠲᠠ ᠬᠤᠯᠪᠣᠭᠳᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠪᠤᠰᠤᠳ ᠪᠢᠴᠢᠭ ᠮᠠᠲ᠋ᠧᠷᠢᠶᠠᠯ︔    ︵ᠲᠠᠪᠤ︶ ᠨᠢᠭᠤᠴᠠ ᠶᠢ ᠬᠠᠮᠠᠭᠠᠯᠠᠬᠤ᠂ ᠠᠷᠢᠭᠤᠨ ᠴᠢᠭᠡᠴᠢ ᠪᠠᠷ ᠵᠠᠰᠠᠭ ᠪᠠᠷᠢᠬᠤ᠂ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠶᠢ ᠰᠡᠷᠭᠡᠶᠢᠯᠡᠬᠦ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ︔    ︵ᠵᠢᠷᠭᠤᠭ᠎ᠠ︶ ᠰᠢᠨ᠎ᠡ ᠪᠠᠷ ᠨᠡᠶᠢᠲᠡᠯᠡᠭᠰᠡᠨ ᠰᠢᠨ᠎ᠡ ᠪᠠᠷ ᠵᠠᠰᠠᠪᠤᠷᠢ ᠣᠷᠣᠭᠤᠯᠵᠤ ᠬᠡᠷᠡᠭᠵᠢᠭᠦᠯᠦᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠪᠤᠰᠤᠳ ᠪᠢᠴᠢᠭ ᠮᠠᠲ᠋ᠧᠷᠢᠶᠠᠯ︔    ︵ᠳᠤᠯᠤᠭ᠎ᠠ︶ ᠨᠡᠶᠢᠲᠡᠯᠢᠭ ᠴᠢᠨᠠᠷᠲᠠᠶ ᠬᠡᠷᠡᠭ ᠤᠨ ᠵᠢᠱᠢᠶ᠎ᠡ    ︵ᠨᠠᠢᠮᠠ︶ ᠵᠠᠰᠠᠭ ᠤᠨ ᠣᠷᠳᠣᠨ ᠤ ᠬᠠᠮᠲᠤ ᠶᠢᠨ ᠦᠢᠯᠡ ᠠᠵᠢᠯᠯᠠᠭ᠎ᠠ ᠶᠢ ᠵᠢᠷᠤᠮᠵᠢᠬᠤᠯᠬᠤ ᠬᠠᠤᠯᠢ ᠴᠠᠬᠠᠵᠠ᠂ ᠬᠠᠤᠯᠢ ᠲᠤᠭᠲᠠᠬᠠᠯ᠃    ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠠᠯᠪᠠᠨ ᠭᠡᠷ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠠᠤᠯᠢ ᠰᠤᠷᠬᠤ ᠠᠵᠢᠯᠯᠠᠭ᠎ᠠ ᠶᠢ ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠪᠣᠳᠠᠲᠠᠶ ᠳᠠᠭᠠᠭᠠᠨ ᠭᠦᠢᠴᠡᠳᠬᠡᠨ᠎ᠡ᠃    ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠵᠢᠯ ᠪᠦᠷᠢ ᠶᠢᠨ 12 ᠰᠠᠷ᠎ᠠ ᠠᠴᠠ ᠡᠮᠦᠨ᠎ᠡ ᠬᠠᠤᠯᠢ ᠴᠠᠭᠠᠵᠠ ᠶᠢᠨ ᠲᠣᠪᠴᠢᠶ᠎ᠠ ᠳᠤ ᠳᠠᠷᠠᠭ᠎ᠠ ᠵᠢᠯ ᠤᠨ ᠰᠤᠷᠤᠯᠴᠠᠬᠤ ᠭᠤᠤᠯ ᠰᠡᠳᠦᠪ ᠵᠢᠴᠢ ᠠᠭᠤᠯᠭ᠎ᠠ ᠪᠠᠨ ᠮᠡᠳᠡᠭᠦᠯᠦᠨ ᠬᠦᠷᠭᠡᠵᠦ᠂ ᠨᠢᠭᠡᠴᠡ ᠶᠢᠨ ᠤᠳᠤᠷᠢᠳᠤᠯᠭ᠎ᠠ ᠪᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠬᠠᠤᠯᠢ ᠴᠠᠭᠠᠵᠠ ᠶᠢᠨ ᠲᠣᠪᠴᠢᠶ᠎ᠠ ᠳᠤ ᠲᠤᠰᠢᠶᠠᠵᠤ ᠳᠠᠩᠰᠠᠯᠠᠭᠤᠯᠬᠤ ᠬᠡᠷᠡᠭᠲᠡᠶ᠃    ᠬᠠᠤᠯᠢ ᠰᠤᠷᠬᠤ ᠠᠵᠢᠯᠯᠠᠭ᠎ᠠ ᠶᠢ ᠳᠠᠭᠠᠭᠠᠨ ᠡᠷᠬᠢᠯᠡᠬᠦ ᠰᠠᠯᠠᠭ᠎ᠠ ᠮᠥᠴᠢᠷ ᠤᠳ ᠬᠠᠤᠯᠢ ᠰᠤᠷᠬᠤ ᠲᠣᠬᠢᠷᠠᠭᠤᠯᠤᠯᠲᠠ ᠶᠢ ᠦᠨᠳᠦᠰᠦᠯᠡᠨ ᠬᠦᠰᠦᠨᠦᠭᠲᠦ ᠪᠠ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠠᠵᠢᠯᠯᠠᠭ᠎ᠠ ᠳᠤ ᠰᠤᠷᠤᠯᠴᠠᠬᠤ ᠮᠠᠲ᠋ᠧᠷᠢᠶᠠᠯ ᠬᠠᠩᠭᠠᠨ᠎ᠠ᠃    ᠳᠣᠯᠣᠳᠤᠭᠠᠷ ᠵᠦᠢᠯ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠳᠦᠷᠢᠮ ᠢᠶᠠᠷ ᠯᠠᠪᠯᠠᠯᠲᠠ ᠪᠣᠯᠭᠠᠵᠤ ᠲᠤᠰ ᠨᠢᠭᠡᠴᠡ ᠶᠢᠨ ᠢᠶᠠᠨ ᠬᠠᠤᠯᠢ ᠰᠤᠷᠬᠤ ᠳᠦᠷᠢᠮ ᠢ ᠲᠣᠭᠲᠠᠭᠠᠵᠤ ᠪᠣᠯᠤᠨ᠎ᠠ᠃ ᠤᠳᠤᠷᠢᠳᠬᠤ ᠺᠠᠳ᠋ᠷᠴᠤᠳ ᠤᠨ ᠬᠠᠤᠯᠢ ᠰᠤᠷᠬᠤ ᠠᠵᠢᠯᠯᠠᠭ᠎ᠠ ᠶᠢᠨ ᠪᠠᠶᠢᠳᠠᠯ ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃    ᠶᠢᠰᠦᠳᠦᠭᠡᠷ ᠵᠦᠢᠯ ᠲᠤᠰ ᠳᠦᠷᠢᠮ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
   政府公报内页(5).jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号